ᠤᠯᠤᠰ ᠠᠴᠠ ᠮᠠᠨ ᠤ ᠤᠷᠤᠨ ᠤ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠦᠷᠲᠠᠨ ᠪᠠᠶᠢᠴᠠᠭᠠᠵᠦ ᠡᠬᠢᠯᠡᠪᠡ
ᠨᠡᠶᠢᠲᠡᠯᠡᠭᠰᠡᠨ ᠴᠠᠭ᠄
2024/9/10
   ᠲᠦᠷᠦᠬᠦᠬᠡᠨ᠂ 2024 ᠣᠨ ᠤ ᠤᠯᠤᠰ ᠠᠴᠠ ᠦᠪᠤᠷ ᠮᠣᠩᠭᠤᠯ ᠤᠨ ᠡᠮ ᠡᠮᠨᠡᠯᠬᠡ ᠶᠢᠨ ᠲᠠᠭᠠᠳᠬᠠᠯ ᠤᠨ ᠰᠠᠭᠤᠷᠢ ᠮᠥᠩᠭᠦ ᠶᠢ ᠮᠦᠷᠲᠠᠨ ᠪᠠᠶᠢᠴᠠᠭᠠᠬᠤ ᠠᠵᠢᠯ ᠤᠨ ᠡᠬᠢᠯᠡᠯᠲᠡ ᠶᠢᠨ ᠬᠤᠷᠠᠯ ᠲᠣᠰ ᠲᠣᠰ ᠬᠥᠬᠡᠬᠤᠲᠠ᠂ ᠤᠯᠠᠭᠠᠨᠴᠠᠪ ᠬᠤᠲᠠ ᠳᠤ ᠬᠤᠷᠠᠯᠳᠤᠪᠠ᠃   ᠬᠤᠷᠠᠯ ᠤᠨ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠦᠴᠦᠸᠠᠨ ᠰᠢᠶᠠᠨ ᠤ ᠷᠧᠨ ᡁᠢ ᠭᠠᠩ ᠬᠢᠲᠠᠳ ᠡᠮᠨᠡᠯᠭᠡ ᠶᠢᠨ ᠬᠤᠷᠢᠶ᠎ᠠ᠂ ᠴᠢᠩ ᠱᠦᠶ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠭᠦᠸᠧ ᠳ᠋ᠡ ᠡᠮ ᠤᠨ ᠳᠡᠯᠭᠡᠭᠦᠷ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢ 2024 ᠣᠨ ᠤ ᠤᠯᠤᠰ ᠤᠨ ᠡᠮ ᠡᠮᠨᠡᠯᠬᠡ ᠶᠢᠨ ᠲᠠᠭᠠᠳᠬᠠᠯ ᠤᠨ ᠰᠠᠭᠤᠷᠢ ᠮᠥᠩᠭᠦ ᠶᠢᠨ ᠬᠦᠬᠡᠬᠤᠳᠠ ᠳᠠᠬᠢ ᠪᠠᠶᠢᠴᠠᠭᠠᠯᠳᠠ ᠬᠦᠯᠢᠶᠡᠬᠦ ᠪᠠᠶᠢᠭᠤᠯᠤᠮᠵᠢ ᠪᠠᠷ ᠲᠣᠭᠲᠠᠭᠠᠪᠠ︔ ᠤᠯᠠᠭᠠᠨᠴᠠᠪ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠤᠯᠠᠭᠠᠨᠴᠠᠪ ᠬᠤᠲᠠ ᠶᠢᠨ ᠰᠢᠨ ᠲᠤ ᠰᠢᠨ ᠲᠣᠮᠣ ᠡᠮ ᠤᠨ ᠳᠡᠯᠭᠡᠭᠦᠷ ᠤᠨ ᠬᠡᠯᠬᠢᠶᠡᠳᠦ ᠬᠢᠵᠠᠭᠠᠷᠲᠤ ᠺᠣᠮᠫᠠᠨᠢ ᠵᠢᠴᠢ ᠠᠷᠠᠳ ᠠᠴᠠ ᠡᠵᠡᠩᠨᠡᠭᠰᠡᠨ 3 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ 2024 ᠣᠨ ᠤ ᠤᠯᠤᠰ ᠤᠨ ᠡᠮ ᠡᠮᠨᠡᠯᠬᠡ ᠶᠢᠨ ᠰᠠᠭᠤᠷᠢ ᠮᠥᠩᠭᠦ ᠶᠢᠨ ᠤᠯᠠᠭᠠᠨᠴᠠᠪ ᠬᠤᠲᠠ ᠳᠠᠬᠢ ᠪᠠᠶᠢᠴᠠᠭᠠᠯᠳᠠ ᠬᠦᠯᠢᠶᠡᠬᠦ ᠪᠠᠶᠢᠭᠤᠯᠤᠮᠵᠢ ᠪᠠᠷ ᠲᠣᠭᠲᠠᠭᠠᠵᠠᠢ᠃ ᠭᠤᠸᠠᠩᠳᠦ᠋ᠩ ᠮᠤᠵᠢ ᠶᠢᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠣᠰ ᠤᠳᠠᠭᠠᠨ ᠤ ᠤᠯᠤᠰ ᠤᠨ ᠮᠦᠷᠲᠠᠨ ᠪᠠᠶᠢᠴᠠᠭᠠᠬᠤ ᠳᠤᠭᠤᠶᠢᠯᠠᠩ ᠪᠣᠯᠤᠭᠰᠠᠨ ᠤ ᠬᠤᠪᠢ ᠳᠤ᠂ ᠪᠠᠶᠢᠴᠠᠭᠠᠯᠳᠠ ᠬᠦᠯᠢᠶᠡᠬᠦ ᠪᠠᠶᠢᠭᠤᠯᠤᠮᠵᠢ ᠶᠢᠨ 2022 ᠣᠨ ᠠᠴᠠ 2023 ᠣᠨ ᠪᠣᠯᠲᠠᠯᠠᠬᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ᠂ ᠬᠠᠮᠢᠶᠠᠷᠤᠯᠲᠠ ᠵᠢᠴᠢ ᠬᠤᠯᠪᠣᠭᠳᠠᠯ ᠪᠥᠬᠦᠶ ᠳᠣᠲᠣᠭᠠᠳᠤ ᠡᠵᠡᠮᠳᠡᠯ ᠤᠨ ᠲᠦᠷᠢᠮ ᠤᠨ ᠪᠠᠶᠢᠭᠤᠯᠤᠯᠲᠠ᠂ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠪᠤᠯᠤᠨ᠎ᠠ᠃   ᠬᠤᠷᠠᠯ ᠠᠴᠠ᠂ ᠡᠯ᠎ᠡ ᠬᠤᠯᠪᠣᠭᠳᠠᠯ ᠪᠥᠬᠦᠶ ᠨᠢᠭᠡᠴᠢ ᠶᠢᠨ ᠬᠢᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠦᠷᠲᠠᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠥᠪ ᠢᠶᠠᠷ ᠬᠠᠨᠳᠤᠵᠤ᠂ ︽ᠳᠠᠷᠦ᠋ᠢᠬᠠᠨ ᠭᠦᠢᠴᠡᠳᠭᠡᠬᠦ︾ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠦᠳᠲᠡᠷ ᠲᠦᠷᠭᠡᠨ ᠲᠣᠳᠣᠷᠬᠠᠶᠢᠯᠠᠬᠤ ᠶᠢᠨ ᠬᠠᠮᠲᠤ᠂ ᠳ᠋ᠤᠭᠠᠷ ᠬᠠᠰᠤᠬᠤ ᠲᠦᠷᠢᠮ ᠢ ᠬᠡᠷᠡᠭᠵᠢᠭᠦᠯᠵᠦ᠂ ᠨᠢᠭᠡ ᠵᠦᠢᠯ ᠢ ᠢᠯᠡᠷᠡᠭᠦᠯᠪᠡᠯ᠂ ᠨᠢᠭᠡ ᠵᠦᠢᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠵᠦᠢᠯ ᠢ ᠪᠠᠬᠢᠵᠢᠭᠦᠯᠵᠦ᠂ ︽ᠨᠢᠭᠡ ᠶᠠᠪᠤᠳᠠᠯ ᠢ ᠨᠠᠶᠢᠳᠠᠪᠤᠷᠢᠵᠢᠭᠤᠯᠵᠤ᠂ ᠤᠴᠢᠷ ᠪᠣᠯᠭᠠᠨ ᠳᠤ ᠬᠠᠷᠢᠭᠤ ᠥᠭᠬᠦ︾ ᠢᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠣᠰ ᠤᠳᠠᠭᠠᠨ ᠤ ᠮᠦᠷᠲᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠡᠭᠦᠰᠦᠭᠰᠡᠨ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠶ ᠡᠷᠢᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠲᠦᠷᠢᠮ ᠲᠣᠭᠲᠠᠭᠠᠯ ᠲᠣᠭᠲᠠᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠬᠡᠵᠤ ᠱᠠᠭᠠᠷᠲᠠᠵᠠᠢ᠃   ᠣᠶᠢᠷ᠎ᠠ ᠶᠢᠨ ᠵᠢᠯ ᠤᠨ ᠲᠤᠷᠰᠢ᠂ ᠮᠠᠨ ᠤ ᠤᠷᠤᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠬᠦ᠂ ᠣᠶᠤᠨᠴᠢ ᠪᠠᠷ ᠬᠢᠨᠠᠨ ᠡᠵᠡᠮᠳᠡᠬᠦ ᠶᠢ ᠲᠡᠭᠦᠯᠳᠡᠷᠵᠢᠭᠦᠯᠬᠦ᠂ ᠠᠶᠢᠮᠠᠭ ᠬᠤᠲᠠ ᠬᠠᠷᠢᠯᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠠᠷᠠᠳ ᠣᠯᠠᠨ ᠤ ︽ᠠᠮᠢ ᠠᠪᠤᠷᠬᠠᠤ ᠵᠣᠭᠤᠰ︾ ᠢ ᠡᠷᠡᠰ ᠰᠠᠶᠢᠲᠤᠷ ᠰᠠᠬᠢᠨ ᠬᠠᠮᠠᠭᠠᠯᠠᠬᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号