ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠥᠨᠳᠥᠷ ᠲᠦᠪᠰᠢᠨ ᠪᠦᠬᠦᠢ ᠨᠡᠭᠡᠭᠡᠯᠳᠠ ᠪᠠᠷ ᠦᠢᠯᠡᠴᠢᠯᠡᠭᠡᠨ ᠤ ᠠᠷᠠᠯᠵᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/9/10
   ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠶᠢᠷ᠎ᠠ ᠳᠤ ︽ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠦᠢᠯᠡᠴᠢᠯᠡᠭᠡᠨ ᠤ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠠᠷᠤᠮᠠᠯᠯᠠᠨ ᠲᠠᠷᠬᠠᠭᠠᠪᠠ᠃   ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠤᠪᠵᠢᠬᠦᠯᠵᠤ᠂ ᠦᠢᠯᠡᠴᠢᠯᠡᠬᠡᠨ ᠤ ᠨᠡᠬᠡᠬᠡᠯᠳᠠ ᠪᠠᠷ ᠪᠠᠭᠲᠠᠭᠠᠮᠵᠢᠲᠤ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠠᠮᠲᠤᠷᠠᠯᠴᠠᠭ᠎ᠠ ᠪᠠᠷ ᠬᠤᠯᠪᠣᠭᠠᠯᠠᠨ ᠨᠡᠪᠲᠡᠷᠡᠯᠴᠡᠬᠦ ᠶᠢ ᠠᠬᠢᠭᠤᠯᠵᠤ᠂ ᠤᠶᠢᠯᠡᠴᠢᠯᠡᠬᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠤᠶᠢᠵᠢᠭᠤᠯᠵᠤ᠂ ᠤᠶᠢᠯᠡᠴᠢᠯᠡᠬᠡᠨ ᠤ ᠬᠠᠮᠲᠤ ᠪᠠᠷ ᠡᠳ᠋ᠯᠡᠬᠦ ᠪᠠᠷ ᠰᠠᠶᠢᠨ ᠰᠠᠶᠢᠬᠠᠨ ᠢᠷᠡᠭᠡᠳᠦᠶ ᠶᠢ ᠴᠣᠭᠴᠠᠯᠠᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠲᠣᠭᠠᠴᠢᠯᠠᠯᠲᠠ᠂ ᠤᠶᠤᠨᠴᠢᠯᠠᠯᠳᠠ᠂ ᠪᠣᠬᠢᠷᠲᠤᠯ ᠦᠭᠡᠢ ᠠᠬᠢᠴᠠ ᠶᠢ ᠲᠦᠷᠬᠡᠨ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠬᠡᠪᠴᠢᠶᠡᠨ ᠤ ᠨᠡᠮᠡᠭᠳᠡᠯ᠂ ᠪᠦᠲᠦᠴᠡ ᠶᠢᠨ ᠰᠢᠯᠢᠳᠡᠭᠵᠢᠭᠦᠯᠦᠯᠲᠡ᠂ ᠦᠷ᠎ᠡ ᠠᠰᠢᠭ ᠤᠨ ᠳᠡᠭᠡᠭᠰᠢᠯᠡᠯᠳᠠ᠂ ᠪᠤᠳᠠᠳᠤ ᠬᠦᠴᠤᠨ ᠤ ᠡᠷᠴᠢᠮᠵᠢᠯᠳᠠ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠤᠯᠤᠨ᠎ᠠ᠃   ︽ᠰᠠᠨᠠᠯ︾ ᠳᠤ 5 ᠲᠠᠯ᠎ᠠ ᠶᠢᠨ 20 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃ ᠨᠢᠭᠡ ᠳᠤ ᠦᠢᠯᠡᠴᠢᠯᠡᠭᠡᠨ ᠤ ᠠᠷᠠᠯᠵᠢᠶ᠎ᠠ ᠶᠢᠨ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠲᠦᠯᠬᠢᠨ ᠠᠬᠢᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮ ᠤᠨ ᠵᠣᠯᠭᠠᠭᠤᠯᠤᠯᠲᠠ ᠪᠠ ᠳᠦᠷᠢᠮ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠲᠤ ᠡᠬᠢ ᠪᠠᠶᠠᠯᠢᠭ ᠤᠨ ᠡᠯᠧᠮᠧᠨ᠋ᠲ ᠤᠨ ᠬᠢᠯᠢ ᠠᠯᠤᠰᠯᠠᠨ ᠰᠢᠯᠵᠢᠬᠦ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠢᠯᠢ ᠠᠯᠤᠰᠯᠠᠨ ᠰᠢᠯᠵᠢᠬᠦ ᠳᠤ ᠲᠥᠬᠦᠮ ᠦᠵᠡᠭᠦᠯᠵᠤ᠂ ᠬᠢᠯᠢ ᠠᠯᠤᠰᠯᠠᠭᠰᠠᠨ ᠪᠠᠯᠠ ᠮᠥᠩᠭᠦ ᠶᠢᠨ ᠬᠦᠢᠯᠬᠡᠬᠡᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠠᠷᠠᠯᠵᠢᠶᠠᠯᠠᠬᠤ ᠪᠠ ᠬᠡᠷᠡᠭᠯᠡᠬᠦ ᠶᠢ ᠠᠬᠢᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠭᠰᠠᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠠᠮᠤᠷ ᠲᠦᠪᠰᠢᠨ ᠢᠶᠠᠷ ᠰᠢᠯᠵᠢᠬᠦ ᠶᠢ ᠠᠬᠢᠭᠤᠯᠤᠨ᠎ᠠ᠃ ᠭᠤᠷᠪᠠ ᠳᠤ᠂ ᠭᠤᠤᠯᠳᠠᠯᠭ᠎ᠠ ᠲᠠᠢ ᠬᠦᠷᠢᠶᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠣᠯᠠᠨ ᠤᠯᠤᠰ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠤᠯᠤᠰ ᠤᠨ ᠬᠤᠭᠤᠷᠤᠨᠳᠤᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡ᠂ ᠯᠠᠪᠯᠠᠭ᠎ᠠ᠂ ᠵᠢᠷᠤᠭ ᠲᠥᠯᠥᠪᠯᠡᠭᠡ᠂ ᠭᠡᠷᠡᠴᠢᠯᠡᠵᠦ ᠵᠥᠪᠰᠢᠶᠡᠷᠡᠬᠦ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠳᠡᠯᠡᠬᠡᠶᠢᠵᠢᠭᠰᠡᠨ ᠬᠥᠭᠵᠢᠯᠲᠡ ᠶᠢ ᠳᠡᠮᠵᠢᠵᠦ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠪᠣᠯᠤᠨ ᠪᠠᠷᠠᠭᠠᠨ ᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠶ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠭᠡᠵᠦ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠦᠷᠪᠡ ᠳᠤ ᠤᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠰᠢᠯ ᠢ ᠥᠷᠭᠡᠳᠭᠡᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠠᠪᠤ ᠳᠤ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠠᠯᠵᠢᠶ᠎ᠠ ᠶᠢᠨ ᠪᠦᠷᠢᠳᠭᠡᠵᠦ ᠬᠢᠨᠠᠨ ᠬᠡᠮᠵᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃   ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠭᠡᠭᠡᠯᠲᠡ ᠶᠢ ᠥᠷᠭᠡᠳᠭᠡᠬᠦ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠲᠦᠰᠢᠭᠯᠡᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠬᠢ ᠶᠢ ᠬᠥᠭᠵᠢᠭᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠡᠭᠡᠭᠡᠯᠲᠡ ᠶᠢ ᠥᠷᠭᠡᠳᠭᠡᠬᠦ᠂ ᠰᠢᠨ᠎ᠡ ᠶᠢ ᠡᠭᠦᠳᠬᠦ ᠶᠢ ᠵᠤᠷᠢᠬᠵᠢᠭᠤᠯᠬᠤ᠂ ᠡᠷᠬᠡ ᠲᠡᠭᠰᠢ ᠪᠠᠷ ᠥᠷᠢᠰᠥᠯᠳᠦᠬᠦ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠬᠤ ᠬᠡᠷᠡᠭᠲᠡᠶ ᠬᠡᠵᠤ ᠱᠠᠭᠠᠷᠳᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号