ᠮᠠᠨ ᠤ ᠤᠷᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠪᠠ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠳᠡᠢ ᠪᠠᠶᠢᠬᠤ ᠬᠡᠷ ᠪᠦᠯᠢ ᠶᠢ ᠬᠢᠨᠠᠨ ᠲᠣᠭᠲᠠᠭᠠᠬᠤ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/9/10
   ᠲᠠᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ᠂ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠲᠡᠵᠦ ᠪᠠᠶᠢᠬᠤ ᠬᠡᠷ ᠪᠦᠯᠢ ᠶᠢ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠤᠨ᠂ ᠣᠷᠣᠯᠭ᠎ᠠ ᠪᠠᠭ᠎ᠠ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠰᠢᠨᠵᠢᠬᠦ ᠪᠠ ᠪᠠᠶᠢᠩᠭᠤ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 12 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠪᠣᠯᠤᠨ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠳᠡᠢ ᠪᠠᠶᠢᠬᠤ ᠬᠡᠷ ᠪᠦᠯᠢ ᠶᠢ ᠬᠢᠨᠠᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃   ︽ᠠᠷᠭ᠎ᠠ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠭᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠂ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠳᠡᠢ ᠪᠠᠶᠢᠬᠤ ᠬᠡᠷ ᠪᠦᠯᠢ ᠪᠠᠷ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠤᠨ᠎ᠠ᠂ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠲᠡᠰ ᠲᠠᠷᠠᠭᠠᠯᠠᠯ ᠢᠶᠠᠷ ᠬᠡᠷᠡᠭᠵᠢᠭᠦᠯᠦᠨ᠎ᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠪᠤᠶᠤ ᠣᠨᠴᠠ ᠬᠦᠴᠢᠷᠳᠡᠯᠲᠡᠶ ᠬᠥᠮᠦᠰ ᠤᠨ ᠬᠢᠨᠠᠨ ᠲᠤᠭᠳᠠᠭᠠᠯᠳᠠ ᠶᠢᠨ ᠨᠥᠬᠦᠴᠡᠯ ᠳᠤ ᠨᠡᠶᠢᠴᠡᠬᠦ ᠥᠬᠡᠶ ᠪᠣᠯᠪᠠᠴᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠳᠤ ᠬᠠᠪᠢᠳᠠᠵᠤ ᠪᠠᠶᠢᠭ᠎ᠠ ᠪᠤᠶᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠳᠡᠢ ᠪᠠᠶᠢᠬᠤ ᠬᠡᠷ ᠪᠦᠯᠢ ᠶᠢᠨ ᠬᠢᠨᠠᠨ ᠲᠤᠭᠳᠠᠭᠠᠯᠳᠠ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠢᠨᠠᠨ ᠵᠥᠪᠰᠢᠶᠡᠷᠡᠭᠦᠯᠦᠭᠡᠳ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠪᠤᠶᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠲᠠᠯᠳᠠᠢ ᠪᠠᠶᠢᠬᠤ ᠬᠡᠷ ᠪᠦᠯᠢ ᠶᠢ ᠬᠢᠨᠠᠨ ᠲᠣᠭᠲᠠᠭᠠᠬᠤ ᠲᠠᠷᠠᠭᠠᠯᠠᠯ ᠳᠤ ᠰᠢᠯᠵᠢᠬᠦᠯᠵᠦ ᠪᠣᠯᠤᠨ᠎ᠠ᠂ ᠬᠤᠯᠪᠣᠭᠳᠠᠯ ᠪᠥᠬᠦᠶ ᠭᠤᠶᠤᠴᠢᠯᠠᠬᠤ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠴᠢᠬᠤᠯᠠ ᠥᠬᠡᠶ ᠭᠡᠵᠦ ᠵᠢᠭᠠᠵᠤ ᠭᠠᠷᠭᠠᠪᠠ᠃︽ᠠᠷᠭ᠎ᠠ︾ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠪᠠ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠲᠠᠯᠳᠠᠢ ᠪᠠᠶᠢᠬᠤ ᠬᠡᠷ ᠪᠦᠯᠢ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠤᠭᠤᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠳᠤ ᠬᠠᠪᠢᠳᠠᠵᠤ ᠪᠠᠶᠢᠭ᠎ᠠ ᠭᠡᠷ ᠪᠦᠯᠢ ᠪᠣᠯᠤᠨ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠶ ᠪᠠᠶᠢᠭ᠎ᠠ ᠭᠡᠷ ᠪᠦᠯᠢ ᠶᠢ ᠬᠦᠯᠢᠶᠡᠨ ᠠᠪᠴᠤ ᠰᠢᠢᠳᠪᠦᠷᠢᠯᠡᠬᠦ᠂ ᠠᠩᠬ᠎ᠠ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠰᠠᠨᠠᠭᠠᠴᠢᠯᠠᠭ᠎ᠠ ᠠᠴᠠ ᠪᠠᠨ ᠢᠯᠡᠷᠡᠬᠦᠯᠬᠦ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠵᠡᠷᠭᠡ ᠠᠵᠢᠯ ᠳᠤ ᠬᠠᠮᠵᠢᠯᠴᠠᠬᠤ ᠪᠦᠭᠡᠳ ᠰᠠᠶᠢᠲᠤᠷ ᠬᠢᠵᠦ᠂ ᠪᠡᠶ᠎ᠡ ᠪᠠᠨ ᠳᠠᠭᠠᠭᠠᠵᠤ ᠭᠤᠶᠤᠴᠢᠯᠠᠬᠤ ᠳᠤ ᠬᠦᠴᠢᠷᠲᠡᠯᠳᠠᠢ ᠭᠡᠷ ᠪᠦᠯᠢ ᠶᠢ ᠬᠠᠪᠰᠤᠷᠤᠨ ᠭᠤᠶᠤᠴᠢᠯᠠᠯ ᠢ ᠲᠡᠪᠰᠢᠬᠦᠯᠦᠨ᠎ᠡ ᠭᠡᠵᠦ ᠴᠢᠬᠤᠯᠠᠴᠢᠯᠠᠪᠠ᠃   ︽ᠠᠷᠭ᠎ᠠ︾ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠶᠢᠨ 3 ᠵᠦᠢᠯ ᠤᠨ ᠬᠢᠨᠠᠨ ᠲᠣᠭᠲᠠᠭᠠᠬᠤ ᠨᠥᠬᠦᠴᠡᠯ ᠢ ᠨᠠᠷᠢᠯᠢᠭᠵᠢᠭᠤᠯᠪᠠ᠂ ᠲᠤᠬᠠᠶᠢᠯᠠᠪᠠᠯ᠄ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠤᠤᠷ᠎ᠠ ᠪᠠᠶᠢᠬᠤ︔ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠶ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠤᠷᠤᠭᠰᠠᠨ ᠥᠬᠡᠶ ᠪᠠᠶᠢᠬᠤ ᠵᠡᠷᠭᠡ ᠪᠤᠯᠤᠨ᠎ᠠ᠃   ︽ᠠᠷᠭ᠎ᠠ︾ ᠳᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠶ ᠪᠠᠶᠢᠬᠤ ᠬᠡᠷ ᠪᠦᠯᠢ ᠪᠠᠷ ᠬᠢᠨᠠᠨ ᠲᠤᠭᠳᠠᠭᠠᠬᠤ 4 ᠵᠦᠢᠯ ᠤᠨ ᠨᠥᠬᠦᠴᠡᠯ ᠢ ᠨᠠᠷᠢᠯᠢᠬᠵᠢᠭᠤᠯᠪᠠ᠂ ᠲᠤᠬᠠᠶᠢᠯᠠᠪᠠᠯ᠄ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠨᠢ ᠲᠦᠷᠦᠭᠦᠦ ᠵᠢᠯ ᠤᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠤᠤᠷ᠎ᠠ ᠪᠠᠶᠢᠬᠤ︔ ᠭᠡᠷ ᠪᠦᠯᠢ ᠶᠢᠨ ᠪᠦᠷᠢᠯᠳᠦᠬᠦᠨ ᠤ ᠡᠮ ᠡᠮᠨᠡᠯᠭᠡ᠂ ᠰᠤᠷᠭᠠᠨ ᠬᠥᠮᠦᠵᠢᠯ᠂ ᠡᠷᠡᠬᠦᠯᠵᠢᠯ ᠵᠢᠴᠢ ᠰᠠᠨᠠᠭᠠᠨ ᠳᠤ ᠦᠭᠡᠶ ᠬᠡᠷᠡᠭ ᠵᠡᠷᠭᠡ ᠵᠠᠶᠢᠯᠠᠰᠢ ᠦᠭᠡᠶ ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠨᠢ ᠭᠡᠷ ᠪᠦᠯᠢ ᠶᠢᠨ ᠶᠡᠷᠦᠩᠬᠡᠶ ᠣᠷᠣᠯᠭ᠎ᠠ ᠶᠢᠨ 70% ᠶᠢ ᠳᠠᠪᠠᠭᠰᠠᠨ ᠪᠤᠶᠤ ᠡᠮ ᠡᠮᠨᠡᠯᠭᠡ ᠪᠣᠯᠤᠨ ᠰᠠᠨᠠᠭᠠᠨ ᠳᠤ ᠦᠭᠡᠶ ᠬᠡᠷᠡᠭ ᠠᠴᠠ ᠪᠣᠯᠤᠭᠰᠠᠨ ᠵᠠᠶᠢᠯᠠᠰᠢ ᠦᠭᠡᠶ ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠨᠢ ᠭᠡᠷ ᠪᠦᠯᠢ ᠶᠢᠨ ᠶᠡᠷᠦᠩᠬᠡᠶ ᠣᠷᠣᠯᠭ᠎ᠠ ᠶᠢᠨ 60% ᠠᠴᠠ ᠬᠡᠳᠦᠷᠡᠭᠰᠡᠨ︔ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠶ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠤᠷᠤᠭᠰᠠᠨ ᠥᠬᠡᠶ ᠮᠥᠷᠲᠡᠭᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠳᠤ ᠬᠠᠪᠢᠳᠠᠵᠤ ᠪᠠᠶᠢᠭ᠎ᠠ ᠬᠡᠷ ᠪᠦᠯᠢ ᠪᠠᠷ ᠦᠨᠡᠯᠡᠨ ᠲᠣᠭᠲᠠᠭᠠᠭᠰᠠᠨ ᠥᠬᠡᠶ ᠪᠠᠶᠢᠬᠤ ᠵᠡᠷᠭᠡ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号