ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 3 ᠤ ᠡᠳᠦᠷ ᠪᠣᠯᠤᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠸᠢ ᠲᠤᠰ ᠲᠤᠰ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠶᠦᠩ ᠲᠠᠢ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠪᠠ ᠤᠯᠠᠨ ᠲᠦᠮᠡᠨ ᠤ ᠠᠵᠢᠯᠯᠠᠭ᠎ᠠ ᠦᠢᠯᠡᠴᠢᠯᠡᠭᠡᠨ ᠤ ᠲᠥᠪ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃   ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠳᠤ᠂ ᠰᠦᠨ ᠵᠢᠶᠦ᠋ᠨ ᠴᠢᠩ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠭᠡᠰᠢᠭᠦᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠳᠤ ᠭᠦᠨᠵᠡᠭᠡᠢ ᠲᠠᠶᠢᠯᠤᠮᠵᠢ ᠬᠢᠬᠦ ᠶᠢᠨ ᠬᠠᠮᠲᠤ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠥᠭᠡᠷᠡᠴᠢᠯᠡᠯᠲᠡ ᠨᠡᠭᠡᠭᠡᠯᠳᠠ ᠶᠢᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠤᠶᠤᠨ ᠤ ᠳᠡᠮᠵᠢᠯᠭᠡ ᠬᠠᠩᠭᠠᠨ᠎ᠠ ᠭᠡᠵᠤ ᠢᠯᠡᠳᠭᠡᠵᠡᠭᠡᠪᠡ᠃   ᠬᠥᠬᠡᠬᠤᠲᠠ ᠶᠢᠨ ᠶᠦᠩ ᠲᠠᠢ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠪᠠ ᠤᠯᠠᠨ ᠲᠦᠮᠡᠨ ᠤ ᠠᠵᠢᠯᠯᠠᠭ᠎ᠠ ᠦᠢᠯᠡᠴᠢᠯᠡᠭᠡᠨ ᠤ ᠲᠥᠪ ᠲᠤ᠂ ᠵᠠᠩ ᠯᠸᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠠᠷᠢᠯᠴᠠᠬᠤ ᠳᠤᠭᠤᠶᠢᠯᠠᠩ ᠤᠨ ᠳᠣᠯᠣᠳᠤᠭᠠᠷ᠂ ᠨᠠᠢᠮᠠᠳᠤᠭᠠᠷ ᠳᠤᠭᠤᠶᠢᠯᠠᠩ ᠤᠨ ᠪᠦᠷᠢᠯᠳᠦᠬᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠵᠠᠩ ᠯᠸᠢ ᠪᠥᠬᠦᠳᠡ ᠬᠤᠷᠠᠯ ᠤᠨ ᠵᠣᠷᠢᠭ ᠰᠠᠨᠠᠭ᠎ᠠ ᠳᠤ ᠪᠥᠬᠦ ᠲᠠᠯ᠎ᠠ ᠶᠢᠨ ᠲᠠᠶᠢᠯᠤᠮᠵᠢ ᠬᠢᠭᠰᠡᠨ ᠪᠥᠭᠡᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠮᠠᠨ ᠤ ᠣᠷᠣᠨ ᠤ ᠪᠣᠳᠠᠲᠤ ᠪᠠᠶᠢᠳᠠᠯ ᠪᠣᠯᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号