ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠦᠵᠡᠯ ᠰᠠᠨᠠᠭ᠎ᠠ ᠤᠯᠤᠰ ᠲᠦᠷᠦ ᠢᠢᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 6 ᠤ ᠡᠳᠦᠷ᠂ ᠳᠥᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠥᠷᠭᠡᠨ ᠣᠯᠠᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠶᠢᠨ ᠬᠠᠮᠲᠤ᠂ ᠪᠥᠬᠦ ᠣᠷᠣᠨ ᠤ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃   ᠰᠦᠨ ᠱᠤᠤ ᠴᠤᠩ ᠡᠩ ᠲᠡᠷᠢᠭᠦᠨ ᠳᠤ ᠥᠷᠭᠡᠨ ᠤᠯᠠᠨ ᠪᠠᠭᠰᠢ ᠰᠤᠷᠤᠭᠴᠢᠳ ᠲᠠᠢ ᠬᠠᠮᠲᠤ ᠪᠠᠷ ᠮᠠᠨ ᠤ ᠤᠯᠤᠰ ᠤᠨ ᠰᠦᠷ ᠳᠠᠯᠠᠶᠢᠴᠠᠲᠠᠢ ᠥᠭᠡᠷᠡᠴᠢᠯᠡᠯᠲᠡ ᠨᠡᠭᠡᠭᠡᠯᠳᠠ ᠶᠢᠨ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠷᠢᠯᠢᠬ ᠪᠣᠳᠠᠲᠠᠢ ᠲᠤᠭ᠎ᠠ ᠪᠠᠷᠢᠮᠲᠠ ᠪᠣᠯᠤᠨ ᠠᠮᠢᠳᠤᠯᠢᠭ ᠪᠣᠳᠠᠲᠤ ᠵᠢᠱᠶ᠊ ᠡᠶ᠎ᠡ ᠪᠠᠷ ᠥᠭᠡᠷᠡᠴᠢᠯᠡᠯᠲᠡ ᠨᠡᠭᠡᠭᠡᠯᠳᠠ ᠶᠢᠨ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠶᠠᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠴᠠ ᠶᠠᠭᠤᠨ ᠳᠤ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠤᠳᠤᠯᠤᠭᠰᠠᠨ ᠢ ᠭᠦᠨᠵᠡᠭᠡᠢ ᠲᠠᠶᠢᠯᠪᠤᠷᠢᠯᠠᠪᠠ᠃ ᠲᠡᠷᠡ᠂ 46 ᠵᠢᠯ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠭᠤᠤ ᠶᠡᠭᠡ ᠭᠡᠳᠡᠭ ᠢ ᠭᠦᠢᠴᠡᠳ ᠭᠡᠷᠡᠴᠢᠯᠡᠵᠦ᠂ ︽ᠬᠤᠶᠠᠷ ᠢ ᠲᠣᠭᠲᠠᠭᠠᠬᠰᠠᠨ ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠭᠡᠷᠡᠴᠢᠯᠡᠪᠡ᠃ ᠰᠢᠨ᠎ᠡ ᠠᠶᠠᠨ ᠳᠤ᠂ ᠪᠢᠳᠡ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠴᠤᠴᠠᠯᠲᠠ ᠦᠭᠡᠢ ᠤᠷᠤᠭᠰᠢᠯᠠᠨ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠬᠡᠪᠡ᠃   ᠲᠠᠷᠠᠭ᠎ᠠ ᠨᠢ᠂ ᠰᠦᠨ ᠱᠤᠤ ᠴᠤᠩ ᠤᠯᠠᠨ ᠳᠤ ᠨᠠᠮ ᠤᠨ ᠲᠥᠪ ᠬᠤᠷᠢᠶ᠎ᠠ ᠶᠠᠭᠤᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ ᠪᠣᠯᠭᠠᠭᠰᠠᠨ ᠢ ᠲᠠᠶᠢᠯᠪᠤᠷᠢᠯᠠᠵᠤ ᠥᠭᠬᠦ ᠶᠢᠨ ᠬᠠᠮᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠶᠠᠭᠤ ᠬᠢᠬᠦ ᠴᠢᠬᠤᠯᠠᠳᠠᠢ ᠪᠠᠶᠢᠬᠤ ᠲᠤᠬᠠᠢ ᠲᠠᠨᠢᠯᠴᠠᠭᠤᠯᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠶᠡᠷᠦᠩᠬᠡᠢ ᠬᠠᠷᠠᠯᠲᠠ ᠡᠭᠦᠷᠭᠡ ᠪᠣᠯ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠳᠦᠪᠰᠢᠨ ᠳᠤ ᠣᠷᠣᠬᠤ ᠶᠠᠪᠤᠳᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠡᠮᠵᠢᠯᠭᠡ᠂ ᠤᠯᠠᠨ ᠠᠴᠠ ᠤᠨᠴᠠᠭᠠᠢ ᠡᠬᠢ ᠪᠠᠶᠠᠯᠢᠭ᠂ ᠭᠠᠵᠠᠷ ᠰᠢᠷᠣᠢ᠂ ᠪᠤᠬᠢᠷᠳᠤᠯ ᠦᠬᠡᠢ ᠴᠠᠬᠢᠯᠭᠠᠨ᠂ ᠣᠷᠣᠨ ᠪᠠᠶᠢᠷᠢ ᠵᠡᠷᠭᠡ ᠳᠠᠪᠠᠭᠤᠯᠢᠭ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠠᠪᠰᠢᠬᠤ ᠵᠣᠷᠢᠭ ᠰᠠᠨᠠᠭ᠎ᠠ ᠪᠣᠯᠤᠨ ᠦᠨᠡᠨ ᠪᠣᠳᠠᠲᠠᠢ ᠠᠵᠢᠯᠯᠠᠵᠤ ᠪᠠᠶᠢᠭ᠎ᠠ ᠰᠠᠶᠢᠨ ᠰᠠᠶᠢᠬᠠᠨ ᠪᠠᠶᠢᠳᠠᠯ ᠪᠠᠶᠢᠬᠤ ᠠᠴᠠ ᠥᠪᠥᠷ ᠮᠣᠩᠭᠤᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠯᠠᠪᠳᠠᠢ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃ ᠥᠷᠭᠡᠨ ᠤᠯᠠᠨ ᠵᠠᠯᠠᠭᠤ ᠰᠤᠷᠤᠭᠴᠢᠳ ᠲᠡᠭᠦᠰᠦᠭᠰᠡᠨ ᠤ ᠪᠠᠨ ᠳᠠᠷᠠᠭ᠎ᠠ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠡᠨᠡ ᠬᠦ ᠶᠡᠭᠡ ᠦᠢᠯᠡᠰ ᠢ ᠪᠦᠲᠦᠭᠡᠵᠦ ᠪᠣᠯᠬᠤ ᠰᠢᠮᠡᠳᠦ ᠬᠥᠷᠥᠰᠥᠨ ᠳᠡᠭᠡᠷ᠎ᠡ ᠠᠮᠢᠳᠤᠷᠠᠬᠤᠢ ᠶᠢᠨ ᠦᠷᠲᠡᠭ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠪᠡ᠃   ᠰᠦᠨ ᠱᠤᠤ ᠴᠧᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠢᠬᠦ ᠴᠢᠬᠤᠯᠠᠲᠠᠢ ᠠᠵᠢᠯ ᠮᠠᠰᠢ ᠤᠯᠠᠨ ᠪᠠᠶᠢᠨ᠎ᠠ᠂ ᠭᠤᠣᠯᠳᠠᠯᠭ᠎ᠠ ᠶᠢᠨ ᠨᠢᠭᠡ ᠨᠢ ᠳᠠᠷᠤᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠬᠦ ᠡᠨᠡ ᠬᠦ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠰᠠᠶᠢᠲᠤᠷ ᠠᠳᠬᠤᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠰᠤᠷᠭᠠᠨ ᠬᠦᠮᠦᠵᠢᠬᠦᠯᠬᠦ ᠪᠠᠶᠢᠭᠤᠯᠤᠯ ᠲᠣᠭᠲᠠᠴᠠ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠣᠷᠴᠢᠨ ᠲᠣᠭᠤᠷᠢᠨ ᠪᠠ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠵᠦᠷᠢᠶᠡᠴᠢᠯᠡᠭᠰᠡᠨ ᠬᠥᠭᠵᠢᠯᠲᠡ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠪᠠᠴᠢᠮ ᠱᠠᠭᠠᠷᠳᠠᠭᠳᠠᠵᠤ ᠪᠠᠶᠢᠭ᠎ᠠ ᠪᠠᠴᠢᠮ ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠰᠤᠷᠤᠭᠴᠢᠳ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠰᠠᠶᠢᠬᠠᠨ ᠨᠥᠬᠦᠴᠡᠯ ᠢ ᠢᠳᠡᠪᠬᠢᠲᠡᠶ ᠡᠭᠦᠳᠦᠨ ᠥᠭᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠳᠡ ᠰᠢᠪᠲᠤᠯᠬᠤ︾ ᠳᠤᠮᠳᠠ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠪᠡ᠃   ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠵᠥ ᠪᠠᠷᠠᠭᠰᠠᠨ ᠤ ᠳᠠᠷᠠᠭ᠎ᠠ᠂ ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠴᠢᠳᠠᠮᠵᠢ ᠶᠢᠨ ᠵᠢᠭᠳᠡ ᠰᠦᠪᠡᠳᠤ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ ᠪᠣᠯᠤᠨ ᠬᠤᠪᠣᠷ ᠰᠢᠷᠣᠶ ᠶᠢᠨ ᠮᠠᠲ᠋ᠧᠷᠢᠶᠠᠯ ᠤᠨ ᠰᠤᠳᠤᠯᠭᠠᠨ ᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠵᠠᠬᠢᠷᠤᠯ ᠵᠣᠣ ᠳ᠋ᠦᠩ ᠶᠤᠸᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠣᠳᠣᠬᠠᠨ ᠳᠤ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠮᠡᠷᠭᠡᠵᠢᠯ ᠤᠨ ᠬᠥᠭᠵᠢᠯᠲᠡ ᠮᠠᠰᠢ ᠲᠦᠷᠭᠡᠨ ᠪᠠᠶᠢᠨ᠎ᠠ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠬᠠᠨᠳᠤᠭᠤᠯᠵᠥ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠬᠤ ᠬᠡᠷᠡᠭᠲᠡᠢ᠃ ᠬᠤᠪᠣᠷ ᠰᠢᠷᠣᠶ ᠶᠢᠨ ᠰᠢᠨ᠎ᠡ ᠬᠡᠷᠡᠭᠯᠡᠭᠡᠨ ᠤ ᠬᠦᠷᠢᠶ᠎ᠡ ᠶᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠬᠤᠪᠣᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠣᠯᠤᠨ ᠨᠡᠮᠡᠯᠲᠡ ᠥᠷᠲᠡᠭ ᠢ ᠳᠡᠭᠡᠭᠰᠢᠯᠡᠭᠦᠯᠬᠦ ᠬᠡᠷᠡᠭᠲᠡᠶ ᠬᠡᠪᠡ᠃ ᠰᠦᠨ ᠱᠤᠤ ᠴᠤᠩ ᠪᠠᠰᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠳᠤ ᠬᠦᠷᠴᠦ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠮᠲᠤ ᠶᠢᠨ ᠭᠡᠷ ᠣᠷᠣᠨ — — ᠥᠪᠥᠷ ᠮᠣᠩᠭᠤᠯ ᠤᠨ ᠡᠷᠲᠡᠨ ᠤ ᠦᠶ᠎ᠡ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠵᠡᠰᠭᠦᠯᠡᠩ︾ ᠢ ᠲᠣᠭᠤᠷᠢᠨ ᠦᠵᠡᠵᠦ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯᠤᠨ ᠬᠢᠳᠠᠨ ᠤ ᠪᠠᠭ᠎ᠠ ᠦᠰᠦᠭ ᠤᠨ ᠰᠤᠳᠤᠯᠭᠠᠨ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠵᠠᠢ᠃   ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠵᠢᠶᠤ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠪᠠᠷᠤᠭ 450 ᠬᠥᠮᠦᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠣᠨᠣᠰᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号