ᠸᠠᠩ ᠯᠢ ᠰᠢᠶᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠤ ᠥᠷᠭᠡᠨ ᠣᠯᠠᠨ ᠪᠠᠭᠰᠢ ᠰᠤᠷᠤᠭᠴᠢᠳ ᠢ ᠡᠷᠬᠢᠨ ᠦᠵᠡᠵᠥ ᠲᠣᠬᠤᠨᠢᠭᠤᠯᠪᠠ
ᠨᠡᠶᠢᠲᠡᠯᠡᠭᠰᠡᠨ ᠴᠠᠭ᠄
2024/9/10
   ᠲᠦᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠤ᠂ ᠪᠠᠭᠰᠢ ᠰᠤᠷᠤᠭᠴᠢᠳ ᠢ ᠡᠷᠬᠢᠨ ᠦᠵᠡᠵᠥ ᠲᠣᠬᠤᠨᠢᠭᠤᠯᠬᠤ ᠶᠢᠨ ᠬᠠᠮᠲᠤ ᠪᠥᠬᠦ ᠣᠷᠣᠨ ᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠂ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠥ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠥ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠤᠨ᠂ ︽ᠶᠠᠮᠠᠷ ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠨ ᠢ ᠬᠥᠮᠦᠵᠢᠭᠦᠯᠬᠦ᠂ ᠬᠡᠨ ᠤ ᠲᠥᠯᠥᠭᠡ ᠬᠥᠮᠦᠨ ᠬᠥᠮᠦᠵᠢᠭᠦᠯᠬᠦ ︾ ᠭᠡᠬᠦ ᠦᠨᠳᠦᠰᠦᠨ ᠠᠰᠠᠭᠤᠳᠠᠯ ᠳᠤ ᠠᠩᠬᠠᠷᠤᠯ ᠢᠶᠠᠨ ᠳᠦᠪᠯᠡᠷᠡᠬᠦᠯᠵᠥ᠂ ᠡᠭᠦᠷᠭᠡ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃   ᠸᠠᠩ ᠯᠢ ᠰᠢᠶᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠬᠡᠷᠬᠢᠨ ᠰᠠᠶᠢᠲᠤᠷ ᠶᠠᠷᠢᠬᠤ ᠶᠢᠨ ᠲᠣᠭᠤᠷᠢᠨ ᠳᠤ ᠪᠠᠭᠰᠢ ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠨ᠂ ᠨᠢᠭᠡᠳ ᠨᠢᠭᠡ ᠪᠠᠷ ᠶᠡᠷᠢᠯᠴᠠᠵᠥ᠂ ᠰᠠᠨᠠᠭᠤᠯᠭ᠎ᠠ ᠶᠢ ᠰᠣᠨᠣᠰᠪᠠ᠃ ᠼᠤᠤ ᠮᠢᠩ ᠶᠠᠩ᠂ ᠵᠤᠤ ᠰᠡᠴᠡᠨ᠂ ᠵᠤᠤ ᠹᠦ᠋ ᠼᠠᠢ᠂ ᠤᠷᠠᠯᠢᠭ᠂ ᠴᠡᠯᠮᠡᠭ ᠵᠡᠷᠭᠡ ᠪᠠᠭᠰᠢ ᠰᠤᠷᠤᠭᠴᠢᠳ ᠤᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ ᠵᠢᠱᠢᠶ᠎ᠡ ᠨᠦᠭᠦᠳ ᠢ ᠰᠣᠨᠣᠰᠤᠭᠰᠠᠨ ᠤ ᠳᠠᠷᠠᠭ᠎ᠠ᠂ ᠲᠡᠷᠡ᠂ ᠣᠲᠣ ᠰᠤᠷᠤᠭᠴᠢᠳ ᠤᠨ ᠮᠡᠳᠡᠭᠡ ᠵᠠᠩᠭᠢ ᠭᠥᠯᠢᠶᠡᠨ ᠠᠪᠬᠤ ᠠᠷᠭ᠎ᠠ ᠵᠠᠮ ᠥᠷᠭᠡᠨ ᠳᠡᠯᠭᠡᠷ ᠪᠣᠯᠵᠣ ᠪᠠᠶᠢᠨ᠎ᠠ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ᠂ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠦᠨ᠂ ᠪᠠᠭ᠎ᠠ ᠠᠴᠠ ᠨᠢ ᠭᠠᠷᠳᠠᠵᠤ᠂ ᠳᠡᠷᠭᠡᠳᠡᠬᠢ ᠬᠥᠮᠦᠰ ᠪᠣᠯᠤᠨ ᠳᠡᠷᠭᠡᠳᠡᠬᠢ ᠶᠠᠪᠤᠳᠠᠯ ᠠᠴᠠ ᠨᠢ ᠡᠬᠢᠯᠡᠨ ᠶᠠᠷᠢᠵᠤ᠂ ᠰᠤᠷᠤᠭᠴᠢᠳ ᠲᠤ ᠦᠨᠡᠨ ᠬᠦ ᠲᠥᠷᠥᠭᠳᠡᠯ ᠣᠯᠭᠤᠬᠤ ᠬᠡᠷᠡᠭᠲᠡᠶ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠤᠳᠤ ᠦᠶ᠎ᠡ ᠶᠢᠨ ᠮᠡᠳᠡᠯᠭᠡ ᠶᠢ ᠬᠦᠯᠢᠶᠡᠨ ᠠᠪᠬᠤ ᠳᠤ ᠨᠡᠩ ᠳᠦᠬᠦᠮ ᠪᠤᠯᠭᠠᠵᠥ᠂ ᠬᠠᠮᠲᠤ ᠪᠠᠷ ᠦᠰᠦᠨ ᠪᠤᠶᠢᠵᠢᠵᠤ ᠤᠷᠤᠬᠰᠢᠯᠠᠨ ᠳᠠᠪᠰᠢᠬᠤ ᠬᠡᠷᠡᠭᠲᠡᠢ ᠬᠡᠪᠡ᠃   ᠸᠠᠩ ᠯᠢ ᠰᠢᠶᠠ ᠪᠠᠰᠠ ᠥᠷᠭᠡᠨ ᠤᠯᠠᠨ ᠪᠠᠭᠰᠢ ᠰᠤᠷᠤᠭᠴᠢᠳ ᠢ ᠤᠯᠤᠰ ᠲᠦᠷᠦ ᠶᠢ ᠡᠷᠬᠢᠮᠯᠡᠵᠦ᠂ ᠬᠠᠶᠢᠷ᠎ᠠ ᠰᠡᠳᠭᠢᠯᠭᠡ ᠲᠠᠢ ᠪᠠᠶᠢᠵᠤ᠂ ᠦᠨᠡᠨ ᠰᠡᠳᠭᠢᠯ ᠠᠴᠠ ᠪᠠᠨ ᠨᠠᠮ ᠢ ᠮᠡᠳᠡᠷᠡᠵᠦ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠵᠠᠮ ᠢ ᠮᠡᠳᠡᠷᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠬᠰᠢᠯᠠᠬᠤ ᠬᠡᠷᠡᠭᠲᠡᠢ᠃ ᠪᠦᠯᠬᠦᠮᠳᠡᠯ ᠢ ᠡᠷᠬᠢᠮᠯᠡᠵᠦ᠂ ᠶᠡᠭᠡ ᠲᠠᠯ᠎ᠠ ᠶᠢ ᠪᠣᠳᠣᠯᠬᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠤᠬᠴᠠᠯᠠᠵᠥ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ ᠬᠠᠮᠲᠤ ᠶᠢᠨ︾᠂ ︽ᠲᠠᠪᠤᠨ ᠬᠠᠮᠲᠤ ᠶᠢᠨ ᠲᠠᠨᠢᠯᠲᠠ︾ ᠢᠢᠨ ᠲᠤᠬᠠᠢ ᠣᠶᠢᠯᠠᠭᠠᠯᠲᠠ ᠲᠠᠨᠢᠯᠲᠠ ᠪᠠᠨ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠲᠡᠷᠢᠭᠦᠨ ᠤ ᠬᠢ ᠶᠢ ᠡᠭᠦᠳᠴᠦ᠂ ᠲᠡᠰ ᠳᠡᠪᠰᠢᠭᠦᠯᠬᠦ ᠬᠠᠷᠠᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠪᠠᠭᠰᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠲᠡᠮᠡᠴᠡᠯ ᠢ ᠡᠷᠬᠢᠮᠯᠡᠵᠦ᠂ ᠰᠠᠶᠢᠬᠠᠨ ᠰᠤᠷᠲᠠᠯ ᠢ ᠪᠤᠢ ᠪᠣᠯᠭᠠᠵᠤ᠂ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠪᠠᠲᠤ ᠲᠠᠩᠭᠠᠷᠢᠭ ᠢ ᠦᠢᠯᠡᠳᠦᠯᠭᠡᠵᠢᠭᠦᠯᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠣᠷᠣᠯᠴᠠᠭᠴᠢ᠂ ᠲᠡᠮᠡᠴᠡᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠬᠡᠷᠡᠭᠲᠡᠢ ᠬᠡᠵᠥ ᠵᠤᠷᠢᠬᠵᠢᠭᠤᠯᠪᠠ᠃   ᠸᠠᠩ ᠯᠢ ᠰᠢᠶᠠ ᠪᠠᠰᠠ ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠰᠠᠭᠤᠷᠢᠨ ᠤ ᠦᠷ᠎ᠡ ᠪᠦᠲᠦᠭᠡᠯ ᠢ ᠨᠠᠷᠢᠯᠢᠬ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠯᠦᠭᠡ ᠠᠭᠤᠰᠤᠯᠴᠠᠭᠤᠯᠵᠤ᠂ ᠰᠤᠳᠤᠯᠭᠠᠨ᠂ ᠵᠢᠭᠠᠨ ᠰᠤᠷᠭᠠᠯᠲᠠ᠂ ᠬᠥᠮᠦᠨ ᠢ ᠬᠥᠮᠦᠵᠢᠭᠦᠯᠬᠦ ᠶᠢ ᠤᠶᠠᠯᠳᠤᠭᠤᠯᠤᠨ ᠨᠡᠪᠳᠡᠷᠡᠬᠦᠯᠵᠥ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ᠃   ᠶᠠᠩ ᠵᠢᠶᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号