ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/9/10
    ᠰᠦᠨ ᠱᠤᠤ ᠴᠧᠩ ᠬᠤᠷᠠᠯ ᠢ ᠡᠷᠬᠢᠯᠡᠵᠡᠢ   9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠵᠦ ᠭᠦᠨᠵᠡᠭᠡᠶᠢᠷᠡᠭᠦᠯᠦᠨ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠬᠡᠬᠡᠵᠥ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠨ ᠢᠶᠠᠷ ᠡᠬᠢᠯᠡᠬᠦᠯᠵᠥ ᠰᠠᠶᠢᠨ ᠢᠶᠠᠷ ᠳᠡᠬᠦᠰᠬᠡᠬᠦ ᠶᠢ ᠰᠠᠶᠢᠲᠤᠷ ᠠᠳᠬᠤᠵᠤ ᠂ ᠡᠯ᠎ᠡ ᠵᠦᠢᠯ ᠤᠨ ᠲᠣᠭᠲᠠᠭᠰᠠᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠬᠦ ᠬᠡᠷᠡᠭᠳᠡᠢ᠃ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠡᠳᠤ ᠶᠢ ᠮᠡᠳᠡᠬᠦ ᠰᠠᠬᠢᠯᠭ᠎ᠠ ᠪᠠᠲᠤ ᠶᠢ ᠣᠶᠢᠯᠠᠭᠠᠬᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠦᠷᠭᠦᠯᠵᠢ ᠠᠳᠬᠤᠵᠤ᠂ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠤᠤᠷ᠎ᠠ ᠵᠣᠷᠢᠭᠲᠠᠶ ᠠᠵᠢᠯ ᠬᠢᠯᠭᠡᠬᠦ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠲᠡᠭᠦᠨ ᠢ ᠨᠠᠮ ᠢ ᠬᠠᠮᠢᠶᠠᠷᠴᠤ ᠨᠠᠮ ᠢ ᠵᠠᠰᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠤᠩ ᠰᠠᠯᠬᠢᠨ ᠤ ᠭᠠᠮᠰᠢᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠂ ᠬᠤᠷᠢᠭ᠎ᠠ ᠱᠤᠭᠤᠮ ᠤᠨ ᠰᠡᠳᠭᠢᠬᠦᠶ᠂ ᠲᠦᠢᠯᠰᠢᠷᠡᠯ ᠤᠨ ᠰᠡᠳᠭᠢᠬᠦᠶ ᠶᠢ ᠪᠠᠷᠢᠮᠲᠠᠯᠠᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠬᠦ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ᠰᠡᠷᠭᠡᠶᠢᠯᠡᠯᠲᠡ ᠶᠢᠨ ᠲᠣᠭᠲᠠᠴᠠ ᠪᠠ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠲᠡᠭᠦᠯᠳᠡᠷᠵᠢᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠳᠦᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠬᠢᠵᠦ᠂ ᠦᠢᠯᠡᠳᠪᠦᠷᠢᠯᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠰᠤᠷᠭᠠᠭᠤᠯᠢ ᠶᠢᠨ ᠬᠦᠷᠢᠶ᠎ᠡ ᠵᠡᠷᠭᠡ ᠡᠯ᠎ᠡ ᠬᠦᠷᠢᠶᠡᠨ ᠳᠠᠬᠢ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠹᠷᠢᠺᠠ ᠲᠢᠪ ᠤᠨ ᠡᠷᠳᠡᠮᠲᠡᠳ ᠲᠤ ᠥᠭᠭᠦᠭᠰᠡᠨ ᠬᠠᠷᠢᠭᠤ ᠵᠠᠬᠢᠳᠠᠯ ᠪᠣᠯᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠤᠯ ᠵᠤᠷᠢᠯᠳᠠᠳᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ᠂ ᠠᠹᠷᠢᠺᠠ ᠲᠢᠪ ᠤᠨ ᠤᠯᠤᠰ ᠤᠳ ᠯᠤᠭ᠎ᠠ ᠶᠢᠨ ᠬᠤᠯᠪᠣᠭᠳᠠᠯ ᠪᠥᠬᠦᠶ ᠲᠠᠯ᠎ᠠ ᠪᠣᠯᠤᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠠᠷᠠᠳ ᠲᠦᠮᠡᠨ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ᠃ ᠰᠤᠷᠤᠭᠴᠢᠳ ᠤᠨ ᠳᠤᠷᠠᠲᠠᠶ ᠠᠷᠭ᠎ᠠ ᠮᠠᠶ᠋ᠢᠭ ᠪᠠ ᠰᠣᠨᠣᠰᠬᠤ ᠳᠤᠷᠠᠲᠠᠶ᠂ ᠣᠶᠢᠯᠠᠭᠠᠵᠦ ᠲᠡᠶᠢᠯᠬᠦ ᠦᠭᠡ ᠬᠡᠯᠡ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠬᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠢᠢ ᠠᠰᠢᠭᠯᠠ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠲᠤᠰᠬᠠᠶ ᠮᠡᠷᠭᠡᠵᠢᠯ ᠤᠨ ᠪᠦᠲᠦᠴᠡ ᠪᠠ ᠬᠢᠴᠢᠶᠡᠯ ᠲᠥᠷᠥᠯ ᠤᠨ ᠲᠤᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃   ᠬᠤᠷᠠᠯ ᠠᠴᠠ 2024 ᠣᠨ ᠤ ᠳᠡᠭᠡᠷ᠎ᠡ ᠬᠠᠭᠠᠰ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠮ ᠤᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠵᠡᠷᠭᠡ ᠪᠠᠷ ᠡᠭᠦᠨ ᠢᠶᠠᠷ ᠬᠦᠳᠤᠯᠤᠮᠵᠢ ᠪᠣᠯᠭᠠᠵᠤ ᠲᠤᠰ ᠭᠠᠵᠠᠷ ᠣᠷᠣᠨ ᠲᠤᠰ ᠨᠢᠭᠡᠴᠢ ᠶᠢᠨ ᠢᠶᠠᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠨᠡᠩ ᠥᠳᠬᠡᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠶᠡᠭᠡ ᠪᠠᠷ ᠪᠠᠬᠢᠵᠢᠭᠦᠯᠦᠨ ᠥᠷᠭᠡᠳᠭᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠰᠢᠨ᠎ᠡ ᠡᠬᠦᠳᠦᠯᠳᠠ ᠶᠢᠨ ᠣᠨᠣᠯ ᠢᠶᠠᠷ ᠣᠶᠤᠨ ᠰᠠᠨᠠᠭ᠎ᠠ ᠪᠠᠨ ᠨᠢᠭᠲᠠᠷᠠᠭᠤᠯᠬᠤ ᠶᠢ ᠴᠥᠬᠦᠷᠡᠰᠢ ᠥᠬᠡᠶ ᠪᠠᠷᠢᠮᠲᠠᠯᠠᠬᠤ ᠭᠡᠷᠡᠭᠳᠠᠢ᠃ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠬᠤ᠂ ᠵᠠᠯᠬᠠᠭᠠᠨ ᠴᠡᠭᠡᠷᠯᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠢᠯᠵᠡᠷᠡᠬᠤ ᠠᠴᠠ ᠵᠢᠷᠦᠭᠡᠰᠢᠶᠡᠬᠦ ᠢᠯᠵᠡᠷᠠᠵᠤ ᠪᠤᠯᠬᠤ ᠦᠭᠡᠢ ᠢᠯᠵᠡᠷᠡᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠦᠲᠦᠯᠦᠨ ᠵᠢᠯᠣᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠵᠤ᠂ ᠠᠵᠢᠯᠴᠢ ᠬᠢᠴᠢᠶᠡᠩᠭᠦᠢ ᠪᠠᠷ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠳᠠᠢ᠃   ᠦᠷ᠎ᠡ ᠪᠦᠲᠦᠮᠵᠢ ᠶᠢ ᠡᠷᠬᠢᠮᠯᠡᠬᠦ᠂ ᠠᠮᠢᠵᠢᠷᠠᠯ ᠤᠨ ᠬᠦᠴᠦᠨ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠶᠠᠪᠤᠴᠠ ᠶᠢᠨ ᠬᠢᠨᠠᠯᠲᠠ ᠶᠢ ᠪᠠᠭᠠᠰᠬᠠᠨ᠂ ᠦᠷ᠎ᠡ ᠳ᠋ᠦᠩ ᠤᠨ ᠬᠢᠨᠠᠯᠲᠠ ᠶᠢ ᠴᠢᠩᠭᠠᠳᠬᠠᠵᠤ᠂ ᠶᠠᠪᠤᠳᠠᠯ ᠪᠦᠬᠦᠨ ᠳᠤ ᠦᠷ᠎ᠡ ᠳ᠋ᠦᠩ ᠢ ᠦᠵᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠰᠠᠶᠢᠵᠢᠷᠠᠬᠤ ᠶᠢ ᠳᠠᠶᠢᠴᠢᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠬᠦᠴᠦ ᠣᠷᠣᠭᠤᠯᠤᠨ ᠴᠡᠭᠴᠡᠯᠡᠬᠦ ᠭᠡᠷᠡᠭᠳᠠᠢ᠃ ᠰᠤᠷᠲᠠᠯ ᠤᠨ ᠪᠠᠶᠢᠭᠤᠯᠤᠯᠲᠠ ᠶᠢ ᠤᠳᠠᠭᠠᠨ ᠳᠠᠭᠠᠭᠠᠮᠠᠭᠠᠶ ᠪᠠᠷ ᠠᠬᠢᠭᠤᠯᠵᠤ᠂ ᠠᠵᠢᠯ ᠤᠨ ᠨᠢᠭᠡᠳᠦᠯᠲᠦ ᠴᠢᠨᠠᠷ᠂ ᠵᠣᠬᠢᠴᠠᠯᠳᠤ ᠴᠢᠨᠠᠷ ᠢ ᠨᠡᠮᠡᠭᠳᠡᠭᠦᠯᠦᠨ᠂ ᠠᠵᠢᠯ ᠶᠠᠪᠤᠳᠠᠯ ᠭᠦᠢᠴᠡᠳᠭᠡᠬᠦ ᠳᠤ ︽ᠤᠳᠠᠭᠠᠨ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃   ᠬᠤᠷᠠᠯ ᠠᠴᠠ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠲᠦᠷᠢᠮ﹀ ᠢ ᠲᠤᠭᠤᠰᠢᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠬᠢᠨᠠᠨ ᠵᠥᠪᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号