ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/9/10
   ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦ᠋ᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠭᠦᠷᠲᠡᠯ᠎ᠡ ᠳᠡᠭᠡᠭᠰᠢᠯᠡᠭᠦᠯᠵᠦ᠂ ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠨᠡᠶᠢᠲᠡᠯᠡᠪᠡ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠪᠠ᠃    ᠨᠠᠮᠤᠷ ᠤᠨ ᠡᠬᠢᠨ ᠤ ᠪᠡᠭᠡᠵᠢᠩ ᠨᠠᠯᠠᠭᠠᠷᠳᠠᠨ ᠴᠡᠩᠬᠡᠷᠯᠡᠨ᠎ᠡ᠃ ᠲᠢᠶᠠᠨ ᠠᠨ ᠮᠧᠨ ᠲᠠᠯᠠᠪᠠᠢ ᠪᠣᠯᠣᠨ ᠴᠠᠩ ᠠᠨ ᠵᠡᠭᠡᠯᠢ ᠶᠢᠨ ᠬᠤᠶᠠᠷ ᠬᠠᠵᠠᠭᠤ ᠪᠠᠷ ᠬᠤᠷᠴᠠ ᠢᠯᠡᠲᠡᠢ ᠲᠠᠪᠤᠨ ᠣᠳᠣᠲᠤ ᠤᠯᠠᠭᠠᠨ ᠲᠤᠭ ᠪᠣᠯᠣᠨ ᠠᠹᠷᠢᠺᠠ ᠲᠢᠪ ᠤᠨ 53 ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃    ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠰᠠᠨ 51 ᠨᠡᠷᠡᠰ ᠠᠹᠷᠢᠺᠠ ᠲᠢᠪ ᠤᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃    ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠪᠣᠯᠣᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠰᠢ ᠶᠢᠨ ᠫᠢᠩ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃    ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠭᠠᠳᠠᠭᠠᠳᠤ ᠶᠢᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠲᠠᠯᠠᠢ ᠶᠢ ᠳᠠᠪᠠᠵᠤ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠳᠤᠮᠳᠠᠳᠤ ᠤᠯᠤᠰ ᠠᠹᠷᠢᠺᠠ ᠲᠢᠪ ᠤᠨ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ᠂ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠭᠦᠷᠲᠡᠭᠡᠪᠡ︔ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ 70 ᠵᠢᠯ ᠰᠢᠬᠠᠮ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠶᠢᠨ ᠲᠠᠯ᠎ᠠ ᠠᠴᠠ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦ᠋ᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠲᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠭᠦᠷᠲᠡᠯ᠎ᠡ ᠳᠡᠭᠡᠭᠰᠢᠯᠡᠭᠦᠯᠭᠦ ᠶᠢ ᠰᠠᠨᠠᠭᠠᠴᠢᠯᠠᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠠᠹᠷᠢᠺᠠ ︽ᠵᠢᠷᠭᠤᠭᠠᠨ ᠣᠳᠣᠬᠢᠴᠢᠯᠠᠯᠲᠠ︾ ᠶᠢ ᠭᠠᠷ ᠬᠤᠯᠪᠣᠯᠴᠠᠨ ᠠᠬᠢᠭᠤᠯᠤᠶ᠎ᠠ᠃    — ᠲᠥᠪ ᠭᠤᠤᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠬᠢᠨ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠲᠡᠮᠵᠢᠵᠤ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠤᠯᠴᠢ᠂ ᠠᠵᠠ ᠲᠣᠭᠢᠶᠠᠯ ᠨᠢ ᠲᠥᠪ ᠭᠤᠤᠯᠴᠢ ᠪᠠᠶᠢᠬᠤ ᠶᠢ ᠪᠠᠲᠤᠯᠠᠨ᠎ᠠ᠃    — ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠲᠡᠭᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠭᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠣᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠦᠯᠢᠭᠡᠷ ᠬᠡᠪ ᠢ ᠬᠠᠮᠲᠤ ᠪᠠᠷ ᠴᠣᠭᠴᠠᠯᠠᠨ᠎ᠠ᠃    — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ ᠴᠢᠯᠦᠭᠡ ᠲᠠᠢ ᠪᠦᠭᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠦᠭᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃    — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ᠃    — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ ᠡᠨᠧᠷᠭᠢ ᠶᠢᠨ ᠬᠦᠷᠦᠯᠴᠡᠬᠦ᠋ᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃    — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠳᠤᠷᠠᠳᠪᠠ᠃    ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠬᠤᠪᠢ ᠶᠢ ᠡᠵᠡᠯᠡᠨ᠎ᠡ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠪᠠᠶᠢᠵᠤ ᠴᠢᠳᠠᠬᠤ ᠦᠭᠡᠢ᠃ ᠢᠷᠡᠭᠡᠳᠦᠢ ᠶᠢᠨ 3 ᠵᠢᠯ ᠳᠤ᠂ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠯᠴᠠᠨ ᠠᠬᠢᠭᠤᠯᠵᠤ ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ᠃    ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠵᠤ᠂ ᠠᠹᠷᠢᠺᠠ ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠬᠢᠯᠭᠡᠨ᠎ᠡ᠃    ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠠᠪᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠡᠯᠧᠺᠳ᠋ᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠣᠷᠣ ᠲᠥᠯᠥᠪ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ᠂ ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃    ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠤᠨ᠎ᠠ᠃    ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠡᠬᠡ ᠬᠠᠭᠤᠷᠠᠢ ᠪᠠ ᠲᠡᠯᠡᠶ ᠲᠠᠩᠭᠢᠰ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠬᠠᠩᠭᠠᠵᠤ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ᠃    ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭᠠᠨ ᠤ ᠰᠠᠭᠤᠷᠢ ᠮᠥᠩᠭᠦ ᠳᠤ ᠪᠡᠯᠡ ᠣᠷᠣᠭᠤᠯᠤᠨ᠎ᠠ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃    ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ᠃    ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾ 10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ᠂ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ᠃ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠲᠣᠭᠲᠠᠭᠠᠨ᠎ᠠ᠃    ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠴᠠᠭ ᠠᠭᠤᠷ ᠤᠨ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ᠂ ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃    ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠠᠹᠷᠢᠺᠠ ᠶᠢᠨ ᠲᠠᠯ᠎ᠠ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠤᠨ ᠥᠭᠴᠦ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ ᠠᠹᠷᠢᠺᠠ ᠶᠢᠨ ᠴᠡᠷᠢᠭ ᠠᠨᠬᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃    ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠶᠤᠮ᠃ ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠤᠶ᠎ᠠ ᠭᠡᠵᠦ ᠴᠢᠬᠤᠯᠠᠴᠢᠯᠠᠪᠠ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶    ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ᠂ ᠠᠹᠷᠢᠺᠠ ᠲᠢᠪ ᠤᠨ ᠳᠡᠳ᠋ ᠣᠷᠣᠨ ᠪᠦᠰᠡ ᠶᠢᠨ ᠲᠥᠯᠥᠭᠡᠯᠡᠭᠴᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠺᠣᠩᠭᠣ᠋ ︵ᠪᠷᠡᠽᠸᠢᠯ︶ ᠶᠢᠨ ᠶᠡᠷᠦᠩᠬᠡᠶᠢᠯᠡᠭᠴᠢ ᠰᠠᠰᠥ᠋᠂ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠥ᠋ᠪᠦ᠋᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ᠂ ᠲᠦᠷᠦᠭᠦᠴᠦᠳ ᠤᠨ ᠬᠤᠷᠠᠯ ᠤᠨ ᠣᠨᠴᠠ ᠤᠷᠢᠭᠰᠠᠨ ᠵᠣᠴᠢᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠪᠠᠰᠠ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ᠃    ᠠᠹᠷᠢᠺᠠ ᠲᠢᠪ ᠤᠨ ᠬᠢᠨ ᠤ ᠤᠳᠤᠷᠢᠳᠬᠤ ᠬᠥᠮᠥᠰ ᠳᠤᠮᠳᠠᠳᠤ ᠤᠯᠤᠰ ᠤᠨ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠳᠤ ᠲᠠᠯᠠᠷᠬᠠᠵᠤ᠂ ᠠᠹᠷᠢᠺᠠ ᠳᠤᠮᠳᠠᠳᠤ ᠶᠢᠨ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ 2018 ᠣᠨ ᠤ ᠪᠡᠭᠡᠵᠢᠩ ᠤᠨ ᠲᠦᠷᠦᠭᠦᠴᠦᠳ ᠤᠨ ᠬᠤᠷᠠᠯ ᠠᠴᠠ ᠨᠠᠭᠠᠰᠢ ᠣᠯᠣᠭᠰᠠᠨ ᠢᠳᠡᠪᠬᠢᠲᠡᠢ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠳᠤᠮᠳᠠᠳᠤ ᠠᠹᠷᠢᠺᠠ ᠶᠢᠨ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠳᠡᠳᠡ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠳᠤᠮᠳᠠᠳᠤ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠲᠠᠪᠴᠠᠩ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠵᠠᠢ᠃ ᠶᠠᠷᠢᠶᠠᠨ ᠤ ᠲᠠᠪᠴᠠᠩ ᠤᠨ ᠬᠠᠮᠲᠤᠷᠠᠯᠴᠠᠭ᠎ᠠ ᠨᠢ ᠨᠥᠬᠦᠷᠯᠡᠯ᠂ ᠬᠦᠨᠳᠦᠳᠬᠡᠯ ᠪᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠰᠠᠭᠤᠷᠢᠯᠠᠵᠤ᠂ ᠳᠤᠮᠳᠠᠳᠤ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠠᠮᠠᠷᠪᠠ ᠤᠯᠤᠰ ᠲᠦᠷᠦ ᠶᠢᠨ ᠨᠡᠮᠡᠯᠲᠡ ᠨᠥᠬᠦᠴᠡᠯ ᠪᠠᠶᠢᠬᠤ ᠦᠭᠡᠢ ᠨᠢ ᠠᠹᠷᠢᠺᠠ ᠲᠢᠪ ᠤᠨ ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠠᠹᠷᠢᠺᠠ ᠲᠢᠪ ᠤᠨ ᠤᠯᠤᠰ ᠤᠳ ᠤᠨ ᠠᠮᠤᠷ ᠲᠦᠪᠰᠢᠨ᠂ ᠲᠣᠭᠲᠠᠭᠤᠨ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠵᠠᠢ᠃ ᠠᠹᠷᠢᠺᠠ ᠳᠤᠮᠳᠠᠳᠤ ᠶᠢᠨ ᠣᠶᠢᠯᠠᠭᠠᠭᠳᠠᠬᠤᠨ ᠤᠶᠢᠷᠠᠯᠴᠠᠭ᠎ᠠ ᠶᠤᠮ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠣᠶᠢᠯᠠᠭᠠᠭᠳᠠᠬᠤᠨ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ ᠪᠦᠷᠢᠮᠦᠰᠦᠨ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠰᠠᠨᠠᠭᠠᠴᠢᠯᠠᠵᠤ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠲᠡᠮᠵᠢᠨ᠎ᠠ᠃ ᠠᠹᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠵᠦ᠂ ᠭᠠᠳᠠᠭᠠᠳᠤ ᠶᠢᠨ ᠬᠦᠴᠦᠨ ᠤ ᠲᠠᠶᠢᠸᠠᠨ᠂ ᠬᠥᠮᠥᠨ ᠤ ᠡᠷᠬᠡ ᠵᠡᠷᠭᠡ ᠠᠰᠠᠭᠤᠳᠠᠯ ᠢ ᠠᠰᠢᠭᠯᠠᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠠᠹᠷᠢᠺᠠ ᠲᠢᠪ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠠᠹᠷᠢᠺᠠ ᠲᠢᠪ ᠤᠨ ᠤᠯᠤᠰ ᠤᠳ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠨᠡᠩ ᠤᠯᠠᠨ ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ᠃ ᠠᠹᠷᠢᠺᠠ ᠲᠢᠪ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠭᠠᠷ ᠬᠤᠯᠪᠣᠨ ᠠᠬᠢᠭᠤᠯᠵᠤ᠂ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠬᠠᠮᠲᠤ ᠪᠠᠷ ᠤᠷᠤᠭᠰᠢᠯᠠᠨ᠎ᠠ ᠭᠡᠵᠦ ᠢᠯᠡᠳᠬᠡᠵᠡᠭᠡᠪᠡ᠃    ᠲᠦᠷᠦᠭᠦᠴᠦᠳ ᠤᠨ ᠬᠤᠷᠠᠯ ᠠᠴᠠ ︽ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠳᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — ᠪᠡᠭᠡᠵᠢᠩ ᠤᠨ ᠠᠵᠢᠯᠯᠠᠭᠠᠨ ᠤ ᠲᠥᠯᠥᠪᠯᠡᠭᠡ ︵2025 — 2027︶︾ ᠶᠢ ᠪᠠᠲᠤᠯᠠᠪᠠ᠃    ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠪᠦᠷᠢᠯᠳᠦᠭᠦᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠵᠢᠴᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠳᠤᠮᠳᠠᠳᠤ ᠭᠠᠳᠠᠭᠠᠳᠤ ᠶᠢᠨ ᠡᠯ᠎ᠡ ᠡᠲᠡᠭᠡᠳ ᠤᠨ 3200 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃    ᠶᠢᠨ ᠯᠢ᠂ ᠯᠢ ᠱᠤ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠬᠤᠷᠠᠯ ᠳᠤ ᠣᠷᠣᠯᠴᠠᠪᠠ᠃    ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃    ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ 2000 ᠣᠨ ᠳᠤ ᠪᠠᠶᠢᠭᠤᠯᠤᠭᠳᠠᠵᠤ᠂ ᠣᠳᠣᠬᠠᠨ ᠳᠤ ᠳᠤᠮᠳᠠᠳᠤ ᠤᠯᠤᠰ᠂ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠪᠠ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠵᠡᠷᠭᠡ ᠨᠡᠶᠢᠲᠡ 55 ᠪᠦᠷᠢᠯᠳᠦᠭᠦᠨ ᠪᠠᠶᠢᠨ᠎ᠠ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠭᠤᠣᠯ ᠰᠡᠳᠦᠪ ᠨᠢ ︽ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ᠃ ᠡᠭᠢᠯᠡᠯᠲᠡ ᠶᠢᠨ ᠶᠣᠰᠣᠯᠠᠯ ᠤᠨ ᠳᠠᠷᠠᠭ᠎ᠠ ᠪᠠᠰᠠ ᠲᠦᠷᠦ ᠶᠢ ᠵᠠᠰᠠᠵᠤ ᠵᠠᠰᠠᠭ ᠢ ᠡᠷᠭᠢᠯᠡᠭᠦ᠂ ᠠᠵᠤ ᠦᠢᠯᠡᠳᠪᠦᠷᠢᠵᠢᠯᠲᠡ ᠪᠣᠯᠣᠨ ᠲᠠᠷᠢᠶᠠᠯᠠᠩ ᠤᠨ ᠣᠳᠣᠬᠢᠴᠢᠯᠠᠯᠲᠠ᠂ ᠡᠩᠬᠡ ᠲᠠᠶᠢᠪᠤᠩ ᠠᠮᠤᠷ ᠲᠦᠪᠰᠢᠨ ᠪᠣᠯᠣᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠡᠳᠦᠪ ᠪᠤᠯᠭᠠᠬᠰᠠᠨ 4 ᠲᠠᠯᠠᠪᠤᠷ ᠳᠡᠭᠡᠳᠦ ᠲᠡᠰ ᠤᠨ ᠬᠤᠷᠠᠯ ᠬᠤᠷᠠᠯᠳᠤᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号