ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ 17 ᠳ᠋ᠤᠭᠠᠷ ᠬᠤᠭᠤᠴᠠᠭᠠᠨ ᠤ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠮᠡᠳᠡᠭᠡ
ᠨᠡᠶᠢᠲᠡᠯᠡᠭᠰᠡᠨ ᠴᠠᠭ᠄
2024/9/10
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ   ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ᠄    17 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠮᠠᠨ ᠤ ᠤᠯᠤᠰ ᠤᠨ ᠵᠡᠮᠳᠡᠭ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠴᠢᠷᠮᠠᠶᠢᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ 94 ᠠᠯᠲᠠᠨ ᠮᠧᠳᠠᠯ᠂ 76 ᠮᠥᠩᠭᠦᠨ ᠮᠧᠳᠠᠯ᠂ 50 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠣᠯᠵᠤ᠂ ᠤᠷᠤᠯᠳᠤᠭᠠᠨ ᠤ ᠬᠢᠷᠢ ᠪᠦᠲᠦᠮᠵᠢ ᠪᠠ ᠣᠶᠣᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ ᠣᠯᠵᠤ᠂ ᠡᠬᠡ ᠤᠯᠤᠰ ᠪᠠ ᠠᠷᠠᠳ ᠲᠦᠮᠡᠨ ᠳᠡᠭᠡᠨ ᠥᠩᠭᠡ ᠭᠡᠷᠡᠯ ᠣᠯᠭᠤᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ︕    ᠲᠣᠰ ᠬᠤᠭᠤᠴᠠᠭᠠᠨ ᠤ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠲᠠ ᠨᠠᠷ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠡᠭᠦᠷᠭᠡ ᠬᠠᠷᠢᠭᠤᠴᠠᠯᠭ᠎ᠠ ᠪᠠᠨ ᠮᠥᠷᠥᠨ ᠳᠡᠭᠡᠨ ᠡᠭᠦᠷᠭᠡᠯᠡᠵᠦ᠂ ᠴᠢᠷᠮᠠᠶᠢᠨ ᠲᠡᠮᠡᠴᠡᠬᠦ ᠳᠤ ᠪᠢ ᠪᠣᠢ︾ ᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠤᠭᠤᠷᠠᠰᠢ ᠦᠭᠡᠢ ᠰᠤᠷᠲᠠᠯ ᠪᠣᠯᠣᠨ ᠭᠠᠷᠮᠠᠭᠠᠢ ᠢᠯᠡᠷᠡᠯ ᠢᠶᠠᠷ ᠮᠠᠨ ᠤ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠨ᠎ᠡ ᠥᠨᠳᠥᠷᠴᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠪᠡ᠃ ᠲᠠ ᠨᠠᠷ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠵᠡᠮᠳᠡᠭᠴᠦᠳ ᠤᠨ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠨ ᠪᠠᠳᠠᠷᠠᠭᠤᠯᠵᠤ᠂ ᠥᠷᠢᠰᠦᠯᠳᠦᠭᠡᠨ ᠵᠠᠷᠯᠠᠵᠤ᠂ ᠭᠠᠷᠮᠠᠭᠠᠢ ᠶᠢ ᠬᠥᠭᠡᠭᠡᠴᠡᠯᠳᠦᠵᠦ᠂ ᠢᠲᠡᠭᠡᠯ ᠲᠠᠢ ᠪᠠᠶᠠᠰᠤᠩᠭᠤᠢ᠂ ᠨᠡᠭᠡᠭᠡᠯᠲᠡᠲᠡᠢ ᠨᠥᠬᠦᠷᠰᠡᠭ ᠪᠠᠶᠢᠵᠤ᠂ ᠪᠥᠬᠦ ᠳᠡᠯᠡᠬᠡᠢ ᠳᠤ ᠳᠤᠮᠳᠠᠳᠤ ᠤᠯᠤᠰ ᠤᠨ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠪᠡ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠡᠮᠦᠨ᠎ᠡ ᠠᠴᠠ ᠣᠮᠣᠭᠰᠢᠵᠤ ᠪᠠᠶᠢᠨ᠎ᠠ︕    ᠲᠠ ᠨᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠶᠢ ᠵᠣᠷᠢᠭᠲᠠᠢ ᠡᠭᠦᠳᠴᠦ᠂ ᠥᠷᠭᠡᠨ ᠣᠯᠠᠨ ᠵᠡᠮᠳᠡᠭᠴᠦᠳ ᠤᠨ ᠢᠳᠡᠪᠬᠢᠲᠡᠢ ᠪᠠᠷ ᠡᠷᠡᠭᠦᠯᠵᠢᠨ ᠪᠡᠶ᠎ᠡ ᠪᠠᠨ ᠴᠢᠭᠢᠷᠠᠭᠵᠢᠭᠤᠯᠬᠤ ᠶᠢ ᠵᠣᠷᠢᠭᠵᠢᠭᠤᠯᠵᠤ᠂ ᠣᠶᠣᠨ ᠤᠬᠠᠭᠠᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠭᠡᠷᠡᠢ︔ ᠨᠡᠶᠢᠭᠡᠮ ᠳᠠᠶᠠᠭᠠᠷ ᠤᠨ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ᠂ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ᠃    ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠠᠮᠤᠷ ᠲᠦᠪᠰᠢᠨ ᠢᠶᠠᠷ ᠭᠠᠨᠵᠤᠭ᠎ᠠ ᠳᠦᠭᠦᠷᠡᠩ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ︕    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ    ᠲᠥᠷᠥ ᠶᠢᠨ ᠶᠠᠪᠤᠳᠠᠯ ᠤᠨ ᠬᠤᠷᠢᠶ᠎ᠠ    2024 ᠣᠨ ᠤ 9 ᠰᠠᠷ᠎ᠠ ᠶᠢᠨ 8 ᠤ ᠡᠳᠦᠷ
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号