9 ᠰᠠᠷ᠎ᠠ ᠶᠢᠨ 9 ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠪᠡ᠃ ᠰᠤᠮᠤᠨ ᠤ | ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ | ᠵᠢᠴᠢ 2024 ᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢ | ᠡᠬᠢᠯᠡᠭᠦᠯᠬᠦ ᠬᠤᠷᠠᠯ ᠪᠠ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠬᠤᠷᠠᠯ ᠠᠴᠠ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠶᠡᠭᠡ ᠪᠠᠷ | ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠵᠠᠬᠢᠳᠠᠯ ᠰᠤᠷᠪᠤᠯᠵᠢᠯᠠᠭ᠎ᠠ ᠪᠠᠷ | ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ | ᠨᠥᠭᠡᠴᠡᠯᠡᠬᠦ᠂ ︽12345︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠤᠲᠠᠰᠤ᠂ ᠵᠢᠷᠤᠭ ᠲᠣᠯᠪᠤ ᠶᠢ | ᠴᠡᠭᠴᠡᠯᠡᠨ ᠰᠠᠶᠢᠵᠢᠷᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠡᠷᠦᠬᠡ ᠶᠢᠨ ᠵᠣᠷᠯᠣᠩ ᠢ ᠤᠶᠢᠯᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠳᠠᠬᠢᠨ | ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ |