ᠭᠤᠣᠯ ᠤᠨ ᠪᠠᠶᠢᠰᠢᠩ ᠪᠠᠯᠭᠠᠰᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 4 ᠤ ᠡᠳᠦᠷ᠂ ᠭᠤᠣᠯ ᠤᠨ ᠪᠠᠶᠢᠰᠢᠩ ᠪᠠᠯᠭᠠᠰᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠬᠤᠷᠠᠯ ᠡᠷᠬᠢᠯᠡᠵᠦ᠂ ᠡᠯ᠎ᠡ ᠭᠠᠴᠠᠭᠠᠨ ᠤ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠶᠢᠨ ᠬᠠᠮᠲᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠵᠦ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠲᠠᠢ ᠵᠠᠩᠭᠢᠯᠠᠭ᠎ᠠ ᠶᠢᠨ ᠴᠡᠭ᠂ ᠵᠠᠩᠭᠢᠯᠠᠭ᠎ᠠ ᠶᠢᠨ ᠬᠦᠷᠢᠶ᠎ᠡ ᠪᠣᠯᠤᠨ ᠭᠤᠣᠯ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠠᠬᠢᠴᠠ ᠶᠢ ᠰᠠᠶᠢᠲᠤᠷ ᠡᠵᠡᠮᠳᠡᠵᠦ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠲᠦᠭᠵᠢᠷᠡᠯ ᠢ ᠨᠡᠪᠲᠡᠷᠡᠭᠦᠯᠵᠦ᠂ ᠬᠦᠴᠢᠷ ᠠᠰᠠᠭᠤᠳᠠᠯ ᠢ ᠢᠯᠠᠨ ᠳᠠᠪᠠᠵᠤ᠂ ᠭᠤᠣᠯᠳᠠᠯᠭ᠎ᠠ ᠶᠢ ᠲᠣᠪᠤᠶᠢᠯᠭᠠᠵᠤ᠂ ᠣᠷᠣᠯᠴᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ 2025 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号