ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 9 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ 12345 ᠤᠲᠠᠰᠤ ᠶᠢᠨ ᠠᠵᠢᠯ ᠤᠨ ᠬᠠᠭᠤᠳᠠᠰᠤ᠂ ᠠᠶᠤᠯᠭᠦᠢ ᠦᠢᠯᠡᠳᠪᠦᠷᠢᠯᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ︽ᠭᠤᠷᠪᠠᠨ ᠪᠡᠯᠡ ᠮᠥᠩᠭᠦ︾ ᠶᠢᠨ ᠬᠠᠮᠢᠶᠠᠷᠤᠯᠲᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ᠂ ᠨᠢᠴᠦᠭᠦᠨ ᠡᠯᠡᠰᠦᠷᠬᠡᠭ ᠭᠠᠵᠠᠷ ᠢ ᠳᠠᠬᠢᠨ ᠪᠠᠶᠢᠴᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠴᠢᠬᠤᠯᠠᠴᠢᠯᠠᠪᠠ᠃    ᠬᠤᠷᠠᠯ ᠠᠴᠠ᠂ ᠨᠢᠭᠡ ᠳᠤ᠂ ᠣᠳᠣᠬᠠᠨ ᠤ ᠡᠯ᠎ᠡ ᠵᠦᠢᠯ ᠤᠨ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠭᠤᠣᠯᠳᠠᠯᠭ᠎ᠠ ᠪᠣᠯᠤᠨ ᠦᠵᠡᠯ ᠰᠠᠨᠠᠭ᠎ᠠ ᠲᠠᠨᠢᠯᠲᠠ ᠪᠠᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ᠂ ᠨᠢᠴᠦᠭᠦᠨ ᠡᠯᠡᠰᠦᠷᠬᠡᠭ ᠭᠠᠵᠠᠷ ᠢ ᠳᠠᠬᠢᠨ ᠪᠠᠶᠢᠴᠠᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠳᠡᠭᠡᠷ᠎ᠡ ᠨᠢᠭᠡᠳᠬᠡᠬᠦ ᠬᠡᠷᠡᠭᠲᠡᠢ᠃ ᠬᠤᠶᠠᠷ ᠲᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠶᠡᠭᠡ ᠲᠠᠯ᠎ᠠ ᠪᠣᠯᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠠᠴᠠ ᠡᠭᠦᠰᠴᠦ᠂ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠭᠤᠭᠤᠯᠵᠤ᠂ ᠭᠦᠨᠵᠡᠭᠡᠢ ᠰᠤᠳᠤᠯᠤᠨ ᠵᠠᠳᠠᠯᠵᠤ᠂ ᠬᠦᠴᠦᠯᠡᠬᠦ ᠴᠢᠭᠯᠡᠯ ᠢ ᠣᠨᠣᠪᠴᠢᠲᠠᠢ ᠡᠵᠡᠮᠳᠡᠵᠦ᠂ ᠪᠦᠬᠦ ᠲᠠᠯ᠎ᠠ ᠪᠠᠷ ᠰᠢᠰᠲ᠋ᠧᠮ ᠲᠠᠢ ᠲᠥᠯᠥᠪᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠣᠢ ᠪᠣᠯᠭᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠭᠤᠣᠯ ᠤᠨ ᠪᠠᠶᠢᠰᠢᠩ ᠪᠠᠯᠭᠠᠰᠤᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号