ᠬᠤᠶᠠᠷᠰᠤᠮᠤ ᠪᠠᠯᠭᠠᠰᠤ 9 ᠰᠠᠷ᠎ᠠ ᠶᠢᠨ ᠨᠠᠮ ᠤᠨ ᠪᠠᠶᠢᠭᠤᠯᠤᠯᠲᠠ ᠶᠢᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
   ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠬᠤᠶᠠᠷᠰᠤᠮᠤ ᠪᠠᠯᠭᠠᠰᠤ 9 ᠰᠠᠷ᠎ᠠ ᠶᠢᠨ ᠨᠠᠮ ᠤᠨ ᠪᠠᠶᠢᠭᠤᠯᠤᠯᠲᠠ ᠶᠢᠨ ᠲᠣᠭᠲᠠᠮᠠᠯ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠼᠠᠢ ᠰᠢᠶᠠ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠼᠠᠢ ᠰᠢᠶᠠ ᠣᠳᠣᠬᠠᠨ ᠤ ᠡᠯ᠎ᠡ ᠵᠦᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠡᠯᠰᠡᠬᠦ᠂ ᠨᠠᠮ ᠤᠨ ᠰᠦᠢᠳᠬᠡᠯ ᠬᠤᠷᠢᠶᠠᠬᠤ᠂ ︽ᠪᠢᠴᠢᠬᠠᠨ ᠮᠣᠷᠢ ᠪᠠᠷ ᠵᠢᠳᠬᠦᠬᠦ︾ ᠦᠨᠳᠦᠰᠦᠨ ᠱᠠᠲᠤᠨ ᠤ ᠵᠠᠰᠠᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠪᠡᠯᠡᠳᠬᠡᠯ ᠺᠠᠳ᠋ᠷ ᠢ ᠨᠥᠭᠡᠴᠡᠯᠡᠬᠦ᠂ ᠨᠡᠭᠦᠳᠡᠯ ᠨᠠᠮ ᠤᠨ ᠭᠡᠰᠢᠭᠦᠨ ᠢ ᠬᠠᠮᠢᠶᠠᠷᠬᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠷᠤᠮᠵᠢᠭᠰᠠᠨ ᠪᠠᠶᠢᠭᠤᠯᠤᠯᠲᠠ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠴᠢᠳᠠᠪᠤᠷᠢᠲᠠᠨ ᠢ ᠬᠥᠮᠦᠵᠢᠭᠦᠯᠬᠦ᠂ ᠭᠤᠣᠯ ᠰᠡᠳᠦᠪᠲᠦ ᠨᠠᠮ ᠤᠨ ᠡᠳᠦᠷ ᠤᠨ ︽ᠨᠢᠭᠡ ᠰᠠᠷ᠎ᠠ ᠳᠤ ᠨᠢᠭᠡ ᠰᠤᠷᠤᠯᠴᠠᠵᠤ ᠨᠢᠭᠡ ᠵᠥᠪᠯᠡᠵᠦ ᠨᠢᠭᠡ ᠠᠮᠠᠯᠠᠯᠲᠠ ᠪᠠᠨ ᠪᠡᠶᠡᠯᠡᠭᠦᠯᠬᠦ︾ ᠳᠦᠷᠢᠮ ᠢ ᠨᠠᠶᠢᠳᠠᠪᠤᠷᠢᠵᠢᠭᠤᠯᠬᠤ᠂ ᠨᠠᠮ ᠤᠨ ᠡᠭᠦᠷ ᠢ ᠬᠠᠮᠲᠤᠷᠠᠨ ᠪᠠᠶᠢᠭᠤᠯᠬᠤ ᠵᠡᠷᠭᠡ ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠢᠢᠳᠪᠦᠷᠢᠯᠡᠬᠦ᠂ ᠨᠠᠮ ᠤᠨ ᠰᠦᠢᠳᠬᠡᠯ ᠢ ᠬᠤᠷᠢᠶᠠᠵᠤ ᠬᠡᠷᠡᠭᠯᠡᠬᠦ ᠪᠠ ᠬᠠᠮᠢᠶᠠᠷᠬᠤ ᠵᠡᠷᠭᠡ ᠠᠵᠢᠯ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠪᠣᠯᠤᠨ ︽ᠨᠢᠭᠡ ᠰᠠᠷ᠎ᠠ ᠳᠤ ᠨᠢᠭᠡ ᠰᠤᠷᠤᠯᠴᠠᠵᠤ ᠨᠢᠭᠡ ᠵᠥᠪᠯᠡᠵᠦ ᠨᠢᠭᠡ ᠠᠮᠠᠯᠠᠯᠲᠠ ᠪᠠᠨ ᠪᠡᠶᠡᠯᠡᠭᠦᠯᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠣᠨᠣᠯ ᠤᠨ ᠰᠠᠭᠤᠷᠢ ᠶᠢ ᠴᠢᠩᠭᠠᠳᠬᠠᠵᠤ᠂ ᠨᠠᠮ ᠤᠨ ᠭᠡᠰᠢᠭᠦᠨ ᠤ ᠤᠯᠤᠰ ᠲᠥᠷᠥ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠡᠭᠦᠳᠡᠯ ᠨᠠᠮ ᠤᠨ ᠭᠡᠰᠢᠭᠦᠨ ᠨᠢᠭᠡᠪᠦᠷᠢ ᠣᠷᠣᠵᠤ ᠢᠷᠡᠬᠦ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠭᠠᠷᠴᠤ ᠶᠠᠪᠤᠬᠤ ᠴᠠᠭ᠂ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠲᠣᠳᠣᠷᠬᠠᠢ ᠣᠶᠢᠯᠠᠭᠠᠨ ᠬᠢᠨᠠᠨ ᠬᠠᠷᠭᠤᠭᠤᠯᠵᠤ᠂ ᠪᠣᠯᠪᠠᠰᠤᠷᠠᠭᠤᠯᠤᠯ ᠤᠨ ᠡᠬᠡ ᠳᠠᠩᠰᠠ ᠪᠠᠶᠢᠭᠤᠯᠤᠨ᠂ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠤᠨ ᠠᠵᠢᠯ ᠤᠨ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ︽ᠭᠤᠷᠪᠠᠨ ᠬᠤᠷᠠᠯ ᠨᠢᠭᠡ ᠬᠢᠴᠢᠶᠡᠯ︾᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠰᠢᠢᠳᠪᠦᠷᠢᠯᠡᠬᠦ ᠠᠷᠭ᠎ᠠ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠳᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号