ᠬᠤᠶᠠᠷᠰᠤᠮᠤ ᠪᠠᠯᠭᠠᠰᠤ 2024 ᠣᠨ ᠤ ᠭᠤᠷᠪᠠᠳᠤᠭᠠᠷ ᠤᠯᠠᠷᠢᠯ ᠤᠨ ᠬᠥᠳᠡᠯᠦᠩᠭᠦᠢ ᠲᠣᠬᠢᠷᠠᠭᠤᠯᠤᠯᠲᠠ ᠬᠢᠵᠦ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 9 ᠤ ᠡᠳᠦᠷ᠂ ᠬᠤᠶᠠᠷᠰᠤᠮᠤ ᠪᠠᠯᠭᠠᠰᠤ 2024 ᠣᠨ ᠤ ᠭᠤᠷᠪᠠᠳᠤᠭᠠᠷ ᠤᠯᠠᠷᠢᠯ ᠤᠨ ᠬᠥᠳᠡᠯᠦᠩᠭᠦᠢ ᠲᠣᠬᠢᠷᠠᠭᠤᠯᠤᠯᠲᠠ ᠬᠢᠵᠦ ᠰᠤᠳᠤᠯᠤᠨ ᠮᠠᠭᠠᠳᠯᠠᠬᠤ ᠬᠤᠷᠠᠯ ᠬᠢᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠼᠠᠢ ᠰᠢᠶᠠ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠡᠯ᠎ᠡ ᠭᠠᠴᠠᠭᠠᠨ ᠤ ᠳᠠᠭᠠᠭᠠᠴᠢᠯᠠᠭᠰᠠᠨ ᠬᠡᠰᠡᠭ ᠤᠨ ᠤᠳᠤᠷᠢᠳᠤᠯᠭ᠎ᠠ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠲᠤᠬᠠᠢ APP ᠪᠠᠷ ᠮᠡᠳᠡᠭᠡ ᠵᠠᠩᠭᠢ ᠣᠷᠣᠭᠤᠯᠤᠭᠰᠠᠨ ᠵᠢᠴᠢ ᠪᠠᠶᠢᠳᠠᠯ ᠢ ᠣᠶᠢᠯᠠᠭᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠳᠠᠷᠠᠭ᠎ᠠ ᠨᠢ ᠤᠶᠢᠯᠠᠭᠠᠨ ᠪᠠᠶᠢᠴᠠᠭᠠᠭᠰᠠᠨ ᠪᠠᠶᠢᠳᠠᠯ ᠳᠤ ᠴᠢᠭᠯᠡᠭᠦᠯᠦᠨ ᠶᠡᠷᠦᠩᠬᠡᠶᠢᠯᠡᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠰᠢᠢᠳᠪᠦᠷᠢᠯᠡᠬᠦ ᠲᠥᠰᠦᠯ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠳᠤᠷᠠᠳᠤᠨ ᠭᠠᠷᠭᠠᠪᠠ᠃    ᠬᠤᠷᠠᠯ ᠠᠴᠠ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠤᠰᠢᠶᠠᠬᠤ ᠶᠣᠰᠣᠲᠠᠢ ᠶᠢ ᠨᠢ ᠦᠯᠦ ᠲᠤᠰᠢᠶᠠᠬᠤ︾ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠭᠤᠣᠯᠳᠠᠯᠭ᠎ᠠ ᠲᠠᠢ ᠬᠥᠮᠦᠰ ᠤᠨ ᠣᠷᠣᠯᠭ᠎ᠠ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠠᠵᠤ ᠦᠢᠯᠡᠰ᠂ ᠠᠵᠢᠯ ᠣᠯᠭᠤᠯᠲᠠ᠂ ᠦᠨᠳᠦᠰᠦᠨ ᠵᠦᠢᠯ ᠢ ᠪᠠᠲᠤᠯᠠᠬᠤ ᠵᠡᠷᠭᠡ ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠦᠷᠭᠦᠯᠵᠢᠯᠡᠨ ᠠᠩᠬᠠᠷᠴᠤ᠂ ᠮᠥᠷᠳᠡᠨ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号