ᠴᠧᠨ ᠬᠠᠢ᠄ ᠠᠵᠢᠯ ᠤᠨ ᠪᠠᠶᠢᠷᠢ ᠳᠠᠭᠠᠨ ᠰᠠᠭᠤᠷᠢᠯᠠᠨ ᠠᠷᠠᠳ ᠤᠨ ᠲᠥᠯᠥᠭᠡ ᠦᠢᠯᠡᠴᠢᠯᠡᠬᠦ ᠲᠠᠯ᠎ᠠ ᠪᠠᠷ ᠢᠯᠡᠳᠲᠡ ᠬᠠᠷᠢᠭᠤᠴᠠᠯᠭ᠎ᠠ ᠡᠬᠦᠷᠭᠡᠯᠡᠨ᠎ᠡ
ᠨᠡᠶᠢᠲᠡᠯᠡᠭᠰᠡᠨ ᠴᠠᠭ᠄
2024/9/11
    ᠴᠧᠨ ᠬᠠᠢ᠂ ᠪᠠᠯᠭᠠᠰᠤᠨ ᠤ ᠳᠡᠰ ᠤᠨ ᠨᠠᠮ ᠤᠨ ᠲᠥᠯᠥᠭᠡᠯᠡᠭᠴᠢ᠂ ᠬᠤᠶᠠᠷᠰᠤᠮᠤ ᠪᠠᠯᠭᠠᠰᠤᠨ ᠤ ᠬᠤᠸᠠᠳᠧᠩ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠥᠭᠡᠳ ᠭᠠᠴᠠᠭ᠎ᠠ ᠳᠠᠷᠤᠭ᠎ᠠ ᠶᠢᠨ ᠬᠠᠷᠢᠭᠤᠴᠠᠯᠭ᠎ᠠ  ᠲᠠᠢ᠃    ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠱᠠᠲᠤᠨ ᠳᠤ ᠬᠠᠶᠢᠷᠠᠲᠠᠢ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠣᠯᠠᠨ ᠳᠤ ᠬᠠᠮᠤᠭ ᠤᠨ ︽ᠬᠦᠴᠦᠨ ᠳᠤ ᠲᠦᠰᠢᠭᠯᠡᠭᠰᠡᠨ︾ ᠭᠡᠷ ᠤᠨ ᠬᠥᠮᠦᠨ ᠭᠡᠵᠦ ᠳᠣᠲᠣᠨᠣᠰᠤᠭ ᠢᠶᠠᠷ ᠨᠡᠷᠡᠶᠢᠳᠦᠭᠳᠡᠪᠡ︔ ᠲᠡᠷᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠤᠷᠢᠳ ᠬᠤᠵᠢᠳ ᠬᠤᠰᠢᠭᠤᠨ ᠤ ᠱᠠᠲᠤᠨ ᠤ ︽ᠬᠠᠷᠢᠭᠤᠴᠠᠯᠭ᠎ᠠ ᠡᠭᠦᠷᠭᠡᠯᠡᠵᠦ ᠰᠠᠶᠢᠨ ᠨᠠᠮ ᠤᠨ ᠡᠭᠦᠷ ᠤᠨ ᠪᠢᠴᠢᠭ︾᠂ ᠠᠶᠢᠮᠠᠭ ᠤᠨ ᠱᠠᠲᠤᠨ ᠤ ︽ᠰᠢᠯᠢᠳᠡᠭ ᠨᠠᠮ ᠤᠨ ᠠᠵᠢᠯᠯᠠᠭᠴᠢ︾ ᠪᠠᠷ ᠦᠨᠡᠯᠡᠭᠳᠡᠪᠡ᠃ ᠲᠤᠰᠢᠶᠠᠯ ᠬᠠᠷᠢᠭᠤᠴᠠᠭᠰᠠᠨ ᠠᠴᠠ ᠨᠠᠰᠢ᠂ ᠲᠡᠷᠡ ᠢᠮᠠᠭᠲᠠ ︽ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠵᠤ᠂ ᠲᠠᠷᠢᠶᠠᠨ ᠭᠠᠵᠠᠷ ᠢᠶᠠᠷ ᠶᠠᠪᠤᠵᠤ᠂ ᠣᠯᠠᠨ ᠲᠦᠮᠡᠨ ᠤ ᠭᠡᠷ ᠤᠨ ᠡᠮᠦᠨ᠎ᠡ ᠬᠤᠶᠢᠨ᠎ᠠ ᠰᠦᠯᠵᠢᠯᠳᠦᠵᠦ᠂ ᠠᠷᠠᠳ ᠤᠨ ᠪᠠᠶᠢᠳᠠᠯ ᠢ ᠴᠤᠭᠯᠠᠭᠤᠯᠵᠤ᠂ ᠵᠢᠭᠤᠷᠠᠯᠳᠤᠭᠠᠨ ᠢ ᠡᠶᠡᠳᠡᠭᠦᠯᠵᠦ᠂ ᠠᠶᠤᠯ ᠲᠦᠭᠰᠢᠭᠦᠷᠢ ᠶᠢ ᠲᠡᠳᠬᠦᠨ ᠬᠦᠴᠢᠷᠳᠡᠯ ᠢ ᠰᠢᠢᠳᠪᠦᠷᠢᠯᠡᠵᠦ ᠁ ᠨᠠᠮ ᠤᠨ ᠲᠥᠯᠥᠭᠡᠯᠡᠭᠴᠢ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠥᠭᠭᠦᠨ᠎ᠡ᠃    ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠭᠰᠠᠨ ᠤ ᠬᠤᠪᠢ ᠳᠤ᠂ ᠲᠡᠷᠡ ᠨᠠᠮ ᠤᠨ ᠰᠢᠨ᠎ᠡ ᠶᠢ ᠡᠭᠦᠳᠬᠦ ᠣᠨᠣᠯ ᠢ ᠰᠤᠷᠤᠯᠴᠠᠬᠤ ᠪᠣᠯ ᠨᠢᠭᠡ ᠵᠦᠢᠯ ᠤᠨ ᠴᠢᠬᠤᠯᠠ ᠵᠠᠪᠠᠯ ᠰᠤᠷᠬᠤ ᠬᠢᠴᠢᠶᠡᠯ ᠮᠥᠨ ᠭᠡᠳᠡᠭ ᠢ ᠭᠦᠨᠵᠡᠭᠡᠢ ᠣᠶᠢᠯᠠᠭᠠᠵᠤ᠂ ᠰᠤᠯᠠ ᠰᠡᠯᠡᠭᠦᠦ ᠴᠠᠭ ᠢᠶᠠᠨ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢᠷᠢᠰ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠤᠰ ᠪᠡᠶ᠎ᠡ ᠶᠢᠨ ᠣᠨᠣᠯ ᠤᠨ ᠬᠡᠪ ᠪᠣᠯᠪᠠᠰᠤᠷᠠᠯ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠷᠭᠡᠳᠡᠬᠢ ᠬᠠᠮᠲᠤ ᠠᠵᠢᠯᠯᠠᠭᠰᠠᠳ ᠳᠠᠭᠠᠨ ᠰᠠᠶᠢᠲᠤᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ︽ᠬᠤᠣᠰ ᠱᠦᠵᠢ︾ ᠶᠢᠨ ᠭᠠᠷᠠᠭ ᠤᠨ ᠲᠣᠭᠲᠠᠮᠠᠯ ᠬᠤᠷᠠᠯ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ ᠠᠰᠢᠭᠯᠠᠵᠤ᠂ ᠳᠡᠷᠭᠡᠳᠡᠬᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠨᠠᠮ ᠤᠨ ᠰᠢᠨ᠎ᠡ ᠶᠢ ᠡᠭᠦᠳᠬᠦ ᠣᠨᠣᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢᠷᠢᠰ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠴᠡᠴᠡᠭᠯᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠲᠡᠷᠡ ᠦᠷᠭᠦᠯᠵᠢ ᠲᠠᠷᠢᠶᠠᠨ ᠵᠠᠬ᠎ᠠ ᠪᠠᠷ ᠭᠦᠨᠵᠡᠭᠡᠶᠢᠷᠡᠵᠦ ᠂ ᠣᠯᠠᠨ ᠲᠦᠮᠡᠨ ᠤ ᠭᠡᠷ ᠲᠤ ᠬᠦᠷᠴᠦ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠳᠡᠭ ᠪᠠᠶᠢᠪᠠ᠃ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠰᠠᠭᠤᠷᠢ ᠲᠥᠬᠦᠭᠡᠷᠦᠮᠵᠢ ᠶᠢᠨ ᠠᠷᠠᠳ ᠤᠨ ᠠᠮᠢᠳᠤᠷᠠᠯ ᠤᠨ ᠪᠠᠭ᠎ᠠ ᠶᠠᠪᠤᠳᠠᠯ ᠢ ᠵᠢᠭᠰᠠᠭᠠᠨ ᠪᠠᠶᠢᠴᠠᠭᠠᠬᠤ ᠬᠦᠷᠲᠡᠯ᠎ᠡ᠂ ᠲᠡᠷᠡ ᠢᠮᠠᠭᠲᠠ ᠣᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ᠂ ᠪᠣᠳᠠᠲᠠᠢ ᠶᠠᠪᠤᠳᠠᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠨᠢᠭᠤᠷᠳᠠᠨ ᠶᠠᠷᠢᠯᠴᠠᠬᠤ ᠪᠠᠷ ᠳᠠᠮᠵᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠦᠴᠢᠷᠳᠡᠯ ᠪᠣᠯᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠡᠮᠳᠡᠭᠯᠡᠵᠦ᠂ ᠪᠦᠬᠦ ᠭᠠᠴᠠᠭᠠᠨ ᠤ ᠡᠷᠦᠬᠡ ᠪᠦᠷᠢ ᠶᠢᠨ ᠦᠨᠳᠦᠰᠦᠨ ᠪᠠᠶᠢᠳᠠᠯ ᠢ ᠲᠡᠷᠡ ᠲᠣᠳᠣᠷᠬᠠᠢ ᠣᠶᠢᠯᠠᠭᠠᠵᠤ᠂ ᠰᠡᠳᠬᠢᠯ ᠳᠡᠭᠡᠨ ᠬᠠᠳᠠᠩᠰᠢᠭᠤᠯᠵᠤ᠂ ᠠᠷᠠᠳ ᠣᠯᠠᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号