ᠰᠢ ᠶᠢᠨ ᠫᠢᠩ ᠨᠣᠷᠸᠠᠶ ᠶᠢᠨ ᠲᠡᠷᠢᠭᠦᠨ ᠰᠠᠶᠢᠳ ᠰᠲᠷᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠤᠤ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠨᠣᠷᠸᠠᠢ ᠶᠢᠨ ᠲᠡᠷᠢᠭᠦᠨ ᠰᠠᠶᠢᠳ ᠰᠲᠷᠧ ᠲᠠᠢ ᠠᠭᠤᠯᠵᠠᠪᠠ᠃   ᠰᠢ ᠶᠢᠨ ᠫᠢᠩ ᠰᠲᠷᠧ ᠪᠠᠷ ᠳᠠᠮᠵᠢᠭᠤᠯᠤᠨ ᠤᠯᠤᠰ ᠤᠨ ᠸᠠᠩ ᠬᠠᠯᠠᠷ ᠲᠠᠪᠤᠳᠤᠭᠠᠷ ᠲᠤ ᠮᠡᠨᠳᠦᠴᠢᠯᠡᠯ ᠬᠦᠷᠭᠡᠪᠡ᠃ ᠰᠢ ᠶᠢᠨ ᠫᠢᠩ᠂ ᠳᠤᠮᠳᠠᠳᠤ ᠨᠣᠷᠸᠠᠢ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠲᠤᠷᠰᠢ᠂ ᠬᠤᠶᠠᠷ ᠤᠯᠤᠰ ᠤᠨ ᠠᠷᠠᠳ ᠲᠦᠮᠡᠨ ᠬᠠᠷᠢᠯᠴᠠᠨ ᠬᠦᠨᠳᠦᠳᠭᠡᠵᠦ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠡᠷᠬᠢᠮ ᠨᠠᠨᠳᠢᠨ ᠨᠥᠬᠦᠷᠯᠡᠯ ᠪᠠᠶᠢᠭᠤᠯᠪᠠ᠃ ᠳᠤᠮᠳᠠᠳᠤ ᠨᠣᠷᠸᠠᠢ ᠶᠢᠨ ᠨᠥᠬᠦᠷᠰᠡᠭ ᠬᠠᠮᠲᠤᠷᠠᠯᠴᠠᠭ᠎ᠠ ᠶᠢ ᠴᠢᠨᠠᠭᠰᠢᠳᠠ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠣᠯᠤᠨ ᠬᠤᠶᠠᠷ ᠤᠯᠤᠰ ᠤᠨ ᠦᠨᠳᠦᠰᠦᠨ ᠠᠰᠢᠭ ᠲᠤᠰᠠ ᠲᠠᠢ ᠨᠡᠶᠢᠴᠡᠬᠦ ᠪᠥᠭᠡᠳ ᠳᠡᠯᠡᠬᠡᠢ ᠶᠢᠨ ᠡᠯ᠎ᠡ ᠤᠯᠤᠰ ᠤᠨ ᠨᠡᠩ ᠨᠢᠭᠲᠠ ᠬᠠᠷᠢᠯᠴᠠᠵᠥ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠡᠭᠡ ᠬᠠᠨᠳᠤᠰᠢ ᠲᠠᠢ ᠨᠡᠶᠢᠴᠡᠨ᠎ᠡ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠰᠢᠷᠦᠬᠦᠰᠴᠤ ᠪᠠᠶᠢᠭ᠎ᠠ ᠨᠢ ᠳᠡᠯᠡᠬᠡᠢ ᠨᠡᠶᠢᠭᠡᠮ ᠢᠶᠠᠷ ᠢᠶᠠᠨ ᠵᠥᠪ ᠰᠣᠩᠭᠤᠯᠲᠠ ᠬᠢᠵᠦ ᠳᠡᠶᠢᠯᠬᠦ ᠡᠰᠡᠬᠦ ᠶᠢ ᠰᠢᠯᠭᠠᠵᠤ ᠪᠠᠶᠢᠨ᠎ᠠ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠵᠠᠮᠨᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠳᠠᠮᠵᠢᠭᠤᠯᠤᠨ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠷᠲᠢᠨᠴᠦ ᠳᠤ ᠲᠣᠭᠲᠠᠪᠤᠷᠢᠲᠤ ᠴᠢᠨᠠᠷ᠂ ᠲᠣᠭᠲᠠᠭᠠᠯᠲᠤ ᠴᠢᠨᠠᠷ ᠢ ᠨᠡᠮᠡᠷᠢᠯᠡᠵᠦ᠂ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠳᠤ ᠨᠡᠩ ᠤᠯᠠᠨ ᠠᠵᠠ ᠲᠣᠬᠢᠶᠠᠯ ᠢ ᠡᠭᠦᠳᠴᠦ ᠥᠭᠭᠦᠨ᠎ᠡ᠃ ᠳᠤᠮᠳᠠᠳᠤ ᠤᠯᠤᠰ ᠳᠤᠷᠠᠲᠠᠶ᠎ᠠ ᠨᠣᠷᠸᠠᠢ ᠲᠠᠢ ᠬᠠᠮᠲᠤ ᠪᠠᠷ ᠳᠤᠮᠳᠠᠳᠤ ᠨᠣᠷᠸᠠᠢ ᠶᠢᠨ ᠨᠥᠬᠦᠷᠰᠡᠭ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ ᠬᠡᠵᠥ ᠵᠢᠭᠠᠵᠥ ᠭᠠᠷᠭᠠᠪᠠ     ᠰᠢ ᠶᠢᠨ ᠫᠢᠩ᠂ ᠳᠤᠮᠳᠠᠳᠤ ᠨᠣᠷᠸᠠᠢ ᠶᠢᠨ ᠬᠠᠷᠢᠯᠴᠠᠭᠠᠨ ᠤ 70 ᠵᠢᠯ ᠤᠨ ᠶᠠᠪᠤᠴᠠ ᠶᠢ ᠡᠷᠭᠢᠴᠡᠭᠦᠯᠪᠡᠯ᠂ ᠨᠥᠬᠦᠷᠯᠡᠯ ᠪᠣᠯᠤᠨ ᠬᠠᠮᠲᠤᠷᠠᠯᠴᠠᠭ᠎ᠠ ᠪᠣᠯ ᠭᠤᠣᠯ ᠬᠦᠭ ᠠᠶᠠᠰ ᠪᠣᠯᠤᠨ᠎ᠠ᠃ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ᠂ ᠬᠠᠮᠤᠭ ᠤᠨ ᠴᠢᠬᠤᠯᠠ ᠨᠢ ᠬᠠᠷᠢᠯᠴᠠᠨ ᠬᠦᠨᠳᠦᠳᠭᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠶᠢ ᠪᠠᠷᠢᠮᠲᠠᠯᠠᠬᠤ ᠬᠡᠷᠡᠭᠲᠡᠢ᠂ ᠡᠭᠦᠨ ᠳᠤ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠦᠨᠳᠦᠳᠭᠡᠬᠦ᠂ ᠨᠦᠭᠦᠭᠡ ᠲᠠᠯ᠎ᠠ ᠶᠢᠨ ᠢᠶᠠᠨ ᠴᠢᠬᠤᠯᠠ ᠶᠡᠭᠡ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠬᠤ ᠶᠢ ᠪᠠᠭᠲᠠᠭᠠᠨ᠎ᠡ ᠬᠡᠳᠡᠭ ᠢ ᠲᠡᠦᠬᠡ ᠶᠢᠨ ᠲᠤᠷᠰᠢᠯᠭ᠎ᠠ ᠪᠢᠳᠡᠨ ᠳᠤ ᠬᠡᠯᠡᠵᠦ ᠥᠭᠪᠡ᠃ ᠳᠤᠮᠳᠠᠳᠤ ᠨᠣᠷᠸᠠᠢ ᠬᠤᠶᠠᠷ ᠤᠯᠤᠰ ᠤᠨ ᠠᠵᠤ ᠠᠬᠤᠢ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠴᠢᠩᠭ᠎ᠠ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠲᠠᠢ ᠪᠠᠨ ᠤᠶᠠᠯᠳᠤᠭᠤᠯᠵᠤ ᠪᠠᠶᠢᠭᠠᠳ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ᠂ ᠲᠠᠯᠠᠢ ᠶᠢᠨ ᠶᠠᠪᠤᠳᠠᠯ ᠤᠰᠤᠨ ᠵᠠᠮ ᠤᠨ ᠲᠡᠭᠡᠭᠡᠪᠦᠷᠢ᠂ ᠲᠠᠷᠢᠶᠠᠯᠠᠩ ᠵᠢᠭᠠᠰᠤᠨ ᠤ ᠪᠦᠲᠦᠭᠡᠭᠳᠡᠬᠦᠨ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠥᠷᠭᠡᠳᠭᠡᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠰᠣᠶᠣᠯ᠂ ᠵᠢᠭᠤᠯᠴᠢᠯᠠᠯ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠰ ᠤᠨ ᠶᠠᠪᠤᠯᠴᠠᠭ᠎ᠠ ᠢᠯᠠᠩᠭᠤᠶ᠎ᠠ ᠵᠠᠯᠠᠭᠤᠴᠤᠳ ᠤᠨ ᠰᠣᠯᠢᠯᠴᠠᠭ᠎ᠠ ᠶᠢ ᠨᠢᠭᠲᠠᠷᠠᠭᠤᠯᠵᠤ ᠪᠣᠯᠤᠨ᠎ᠠ᠃ ᠳᠤᠮᠳᠠᠳᠤ ᠨᠣᠷᠸᠠᠢ ᠨᠢ ᠳᠡᠯᠡᠬᠡᠢ ᠶᠢᠨ ᠡᠩᠬᠡ ᠲᠠᠶᠢᠪᠤᠩ ᠪᠠ ᠠᠮᠤᠷ ᠲᠦᠪᠰᠢᠨ ᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠤ ᠲᠠᠯ᠎ᠠ ᠪᠠᠷ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠶᠤᠮ ᠂ ᠳᠤᠮᠳᠠᠳᠤ ᠤᠯᠤᠰ ᠳᠤᠷᠠᠲᠠᠶ᠎ᠠ ᠨᠣᠷᠸᠠᠢ ᠶᠢᠨ ᠲᠠᠯ᠎ᠠ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠪᠴᠠᠩ ᠳᠠᠬᠢ ᠤᠯᠤᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃ ᠨᠣᠷᠸᠠᠢ ᠶᠢᠨ ᠬᠢᠨ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠬᠡᠵᠥ ᠴᠢᠬᠤᠯᠠᠴᠢᠯᠠᠪᠠ᠃   ᠰᠲᠷᠧ ᠤᠯᠤᠰ ᠤᠨ ᠸᠠᠩ ᠬᠠᠯᠠᠷ ᠲᠠᠪᠤᠳᠤᠭᠠᠷ ᠠᠴᠠ ᠲᠡᠷᠢᠭᠦᠯᠡᠭᠴᠢ ᠰᠢ ᠶᠢᠨ ᠫᠢᠩ ᠳᠤ ᠳᠡᠪᠰᠢᠬᠦᠯᠦᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠤ᠂ ᠨᠣᠷᠸᠠᠢ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠤᠮᠠᠷᠠᠲᠤ ᠧᠦ᠋ᠷᠣᠫᠠ ᠶᠢᠨ ᠤᠯᠤᠰ ᠤᠳ ᠤᠨ ᠨᠢᠭᠡ ᠪᠣᠯᠤᠨ᠎ᠠ᠃ ᠨᠣᠷᠸᠠᠢ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠮᠠᠰᠢ ᠰᠠᠶᠢᠨ ᠬᠥᠭᠵᠢᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ ᠬᠡᠯᠪᠡᠷᠢ ᠪᠠᠷ ᠶᠠᠷᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠪᠡ᠃ ᠨᠣᠷᠸᠠᠢ ᠶᠢᠨ ᠬᠢᠨ ᠳᠤᠮᠳᠠᠳᠤ ᠤᠯᠤᠰ ᠤᠨ ᠡᠷᠬᠡ ᠮᠡᠳᠡᠯ ᠢ ᠬᠦᠨᠳᠦᠳᠭᠡᠵᠦ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ ᠬᠡᠷᠡᠭᠵᠢᠭᠦᠯᠵᠦ᠂ ᠳᠤᠷᠠᠲᠠᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠦᠷᠭᠦᠯᠵᠢᠯᠡᠨ ᠬᠠᠷᠢᠯᠴᠠᠨ ᠬᠦᠨᠳᠦᠳᠭᠡᠵᠦ᠂ ᠬᠠᠷᠢᠯᠴᠠᠨ ᠰᠤᠷᠤᠯᠴᠠᠵᠤ᠂ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠨ᠎ᠠ᠃ ᠳᠤᠮᠳᠠᠳᠤ ᠤᠯᠤᠰ ᠤᠨ ᠬᠥᠭᠵᠢᠯᠲᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠮᠠᠰᠢ ᠤᠯᠠᠨ ᠰᠤᠷᠤᠯᠴᠠᠭᠤᠰᠢᠲᠠᠢ ᠲᠤᠯᠢᠯᠠᠭᠤᠰᠢᠳᠠᠢ ᠠᠮᠵᠢᠯᠲᠠ ᠲᠠᠢ ᠲᠤᠷᠰᠢᠯᠭ᠎ᠠ ᠪᠠᠶᠢᠨ᠎ᠠ᠃ ᠨᠣᠷᠸᠠᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ᠂ ᠢᠯᠠᠩᠭᠤᠶ᠎ᠠ ᠪᠣᠬᠢᠷᠲᠤᠯ ᠦᠭᠡᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠲᠠᠯᠠᠢ ᠶᠢᠨ ᠶᠠᠪᠤᠳᠠᠯ ᠤᠰᠤᠨ ᠵᠠᠮ ᠤᠨ ᠲᠡᠭᠡᠭᠡᠪᠦᠷᠢ᠂ ᠲᠠᠷᠢᠶᠠᠯᠠᠩ ᠵᠢᠭᠠᠰᠤ ᠤᠰᠤᠨ ᠭᠠᠷᠤᠯᠲᠠ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠪᠠᠨ ᠥᠷᠭᠡᠳᠭᠡᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠣᠳᠣᠬᠠᠨ ᠤ ᠳᠡᠯᠡᠬᠡᠢ ᠵᠢᠷᠲᠢᠨᠴᠦ ᠳᠤ ᠲᠤᠯᠭᠠᠷᠠᠵᠤ ᠪᠠᠶᠢᠭ᠎ᠠ ᠮᠠᠰᠢ ᠤᠯᠠᠨ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠰᠢᠢᠳᠪᠦᠷᠢᠯᠡᠬᠦ᠂ ᠳᠡᠯᠡᠬᠡᠢ ᠶᠢᠨ ᠡᠩᠬᠡ ᠲᠠᠶᠢᠪᠤᠩ ᠪᠠ ᠠᠮᠤᠷ ᠲᠦᠪᠰᠢᠨ ᠳᠤ ᠬᠤᠯᠪᠣᠭᠳᠠᠬᠤ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠢ ᠠᠷᠭᠠᠴᠭᠠᠠᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠃ ᠨᠣᠷᠸᠠᠢ ᠶᠢᠨ ᠬᠢᠨ ᠴᠢᠯᠥᠭᠡᠲᠦ ᠠᠷᠠᠯᠵᠢᠶ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠧᠦ᠋ᠷᠣᠫᠠ ᠳᠤᠮᠳᠠᠳᠤ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠨ᠎ᠠ ᠭᠡᠵᠦ ᠢᠯᠡᠳᠭᠡᠪᠡ᠃   ᠬᠤᠶᠠᠷ ᠲᠠᠯ᠎ᠠ ᠪᠠᠷ ᠢᠶᠠᠨ ᠦᠺᠷᠠᠶᠢᠨ ᠤ ᠬᠢᠮᠤᠷᠠᠯ ᠵᠡᠷᠭᠡ ᠬᠠᠯᠠᠮᠰᠢᠯ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ᠂ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠶ ᠴᠢᠷᠮᠠᠶᠢᠯᠭ᠎ᠠ ᠪᠦᠬᠦᠨ ᠢ ᠵᠣᠷᠢᠭᠵᠢᠭᠤᠯᠤᠨ ᠳᠡᠮᠵᠢᠵᠦ᠂ ᠢᠳᠬᠠᠨ ᠡᠪᠰᠡᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠶ ᠦᠢᠯᠡᠳᠦᠯ ᠭᠠᠷᠭᠠᠬᠤ ᠪᠣᠯᠤᠨ᠎ᠠ᠃ ᠡᠯ᠎ᠡ ᠲᠠᠯ᠎ᠠ ᠶᠢᠨ ᠬᠢᠨ ᠶᠠᠷᠢᠯᠴᠠᠭ᠎ᠠ ᠪᠠᠷ ᠳᠠᠮᠵᠢᠨ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠬᠦ ᠳᠤ ᠠᠰᠢᠭᠲᠠᠢ ᠨᠥᠬᠦᠴᠡᠯ ᠬᠤᠷᠠᠮᠳᠤᠭᠤᠯᠬᠤ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠪᠠ᠃   ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号