ᠰᠢ ᠶᠢᠨ ᠫᠢᠩ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠤᠤ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠤᠰ ᠲᠠᠢ ᠠᠭᠤᠯᠵᠠᠪᠠ᠃   ᠰᠢ ᠶᠢᠨ ᠫᠢᠩ ᠰᠠᠩᠴᠢᠶᠧᠰ ᠢᠶᠠᠷ ᠳᠠᠮᠵᠢᠭᠤᠯᠤᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠤ ᠮᠡᠨᠳᠦᠴᠢᠯᠡᠯ ᠬᠦᠷᠬᠡᠪᠡ᠃ ᠰᠢ ᠶᠢᠨ ᠫᠢᠩ᠂ ᠨᠢᠳᠤᠨᠤᠨ ᠳᠤᠮᠳᠠᠳᠤ ᠢᠰᠫᠠᠨᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ᠃ ᠵᠢᠯ ᠭᠠᠷᠤᠢ ᠶᠢᠨ ᠲᠤᠷᠰᠢ᠂ ᠬᠤᠶᠠᠷ ᠲᠠᠯ᠎ᠠ ᠪᠠᠷ ᠢᠶᠠᠨ ᠡᠯ᠎ᠡ ᠲᠡᠰ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠶᠢ ᠪᠠᠲᠤᠯᠠᠵᠤ᠂ ᠰᠢᠨ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠪᠠ᠃ ᠢᠷᠡᠬᠦ ᠵᠢᠯ ᠪᠣᠯ ᠳᠤᠮᠳᠠᠳᠤ ᠢᠰᠫᠠᠨᠢ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ᠂ ᠡᠷᠬᠡ ᠲᠡᠭᠰᠢ ᠪᠠᠷ ᠬᠠᠨᠳᠤᠯᠴᠠᠬᠤ ᠬᠠᠷᠢᠯᠴᠠᠭ᠎ᠠ ᠪᠠᠶᠢᠭᠤᠯᠬᠤ ᠤᠭ ᠰᠠᠨᠠᠭ᠎ᠠ ᠪᠠᠨ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠠᠯᠤᠰ ᠬᠡᠳᠦ ᠶᠢ ᠪᠣᠳᠣᠯᠬᠢᠯᠠᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠦᠬᠦᠢ ᠤᠷᠳᠤ ᠬᠤᠭᠤᠴᠠᠭ᠎ᠠ ᠲᠣᠭᠲᠠᠭᠤᠨ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠳᠤ ᠭᠠᠷᠬᠤ ᠶᠢ ᠠᠬᠢᠭᠤᠯᠤᠶ᠎ᠠ ᠬᠡᠵᠥ ᠵᠢᠭᠠᠵᠥ ᠭᠠᠷᠭᠠᠪᠠ᠃   ᠰᠢ ᠶᠢᠨ ᠫᠢᠩ᠂ ᠥᠭᠡᠷᠡᠴᠢᠯᠡᠯᠲᠡ ᠨᠡᠬᠡᠬᠡᠯᠳᠡ ᠪᠣᠯ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠠᠶᠢᠵᠥ ᠣᠯᠤᠭᠰᠠᠨ ᠵᠥᠪ ᠣᠨᠣᠪᠴᠢᠲᠠᠢ ᠬᠥᠭᠵᠢᠯᠲᠡ ᠶᠢᠨ ᠵᠠᠮ ᠮᠦᠨ᠂ ᠭᠤᠶᠢᠪᠢᠰᠢ ᠦᠭᠡᠢ ᠵᠠᠮᠨᠠᠬᠤ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠂ ᠡᠨᠡ ᠨᠢ ᠳᠤᠮᠳᠠᠳᠤ ᠢᠰᠫᠠᠨᠢ ᠬᠤᠶᠠᠷ ᠤᠯᠤᠰ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠ ᠥᠷᠭᠡᠳᠭᠡᠬᠦ ᠳᠤ ᠰᠢᠨ᠎ᠡ ᠠᠵᠠ ᠲᠣᠬᠢᠶᠠᠯ ᠠᠪᠴᠢᠷᠠᠬᠤ ᠪᠤᠯᠤᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠬᠤᠯᠢᠮᠠᠭ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠣᠭᠠᠲᠤ ᠵᠥᠪᠯᠡᠯ ᠵᠡᠷᠭᠡ ᠲᠠᠪᠴᠠᠩ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠳᠤ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠶ᠎ᠡ᠃ ᠢᠰᠫᠠᠨᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠰᠫᠠᠨᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠳᠤ ᠦᠷᠭᠦᠯᠵᠢᠯᠡᠨ ᠲᠥᠪ ᠭᠤᠣᠯᠴᠢ᠂ ᠡᠷᠬᠡ ᠲᠡᠭᠰᠢ᠂ ᠠᠮᠤᠷ ᠲᠦᠪᠰᠢᠨ᠂ ᠭᠠᠳᠠᠭᠤᠷᠴᠢᠯᠠᠯ ᠤᠨ ᠪᠤᠰᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠭᠲᠠᠭᠠᠮᠵᠢᠲᠠᠢ ᠬᠠᠷᠢᠯᠴᠠᠨ ᠲᠤᠯᠢᠯᠠᠬᠤ ᠶᠢ ᠪᠠᠷᠢᠮᠲᠠᠯᠠᠵᠤ᠂ ᠦᠭᠡ ᠬᠡᠯᠡᠨ ᠤ ᠵᠢᠭᠠᠨ ᠰᠤᠷᠭᠠᠯᠲᠠ᠂ ᠵᠠᠯᠠᠭᠤᠴᠤᠳ᠂ ᠰᠣᠶᠣᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠲᠦᠮᠡᠨ ᠤ ᠨᠥᠬᠦᠷᠯᠡᠯ ᠢ ᠠᠬᠢᠭᠤᠯᠤᠶ᠎ᠠ᠃ ᠳᠤᠮᠳᠠᠳᠤ ᠤᠯᠤᠰ ᠢᠰᠫᠠᠨᠢ ᠶᠢᠨ ᠨᠢᠳᠤᠨᠤᠨ ᠤ ᠳᠣᠣᠷ᠎ᠠ ᠬᠠᠭᠠᠰ ᠵᠢᠯ ᠳᠤ ᠧᠦ᠋ᠷᠣᠫᠠ ᠲᠢᠪ ᠤᠨ ᠤᠯᠤᠰ ᠤᠳ ᠤᠨ ᠬᠤᠯᠪᠣᠭᠠᠨ ᠤ ᠵᠢᠵᠢᠭᠦᠷ ᠲᠡᠷᠢᠭᠦᠯᠡᠭᠴᠢ ᠤᠯᠤᠰ ᠪᠣᠯᠬᠤ ᠬᠤᠭᠤᠴᠠᠭᠠᠨ ᠳᠠᠭᠠᠨ ᠳᠤᠮᠳᠠᠳᠤ ᠧᠦ᠋ᠷᠣᠫᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠭᠰᠠᠨ ᠢ ᠮᠠᠭᠲᠠᠨ ᠰᠠᠶᠢᠰᠢᠶᠠᠵᠤ ᠪᠠᠶᠢᠨ᠎ᠠ᠃ ᠢᠷᠡᠬᠦ ᠵᠢᠯ ᠪᠣᠯ ᠳᠤᠮᠳᠠᠳᠤ ᠤᠯᠤᠰ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠂ ᠳᠤᠮᠳᠠᠳᠤ ᠤᠯᠤᠰ ᠳᠤᠷᠠᠲᠠᠶ᠎ᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠲᠠᠢ ᠬᠠᠮᠲᠤ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠠᠮᠵᠢᠯᠲᠠ ᠪᠦᠲᠦᠮᠵᠢ ᠭᠠᠷᠭᠠᠬᠤ᠂ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠴᠢᠭᠯᠡᠯ ᠢᠶᠠᠷ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃ ᠢᠰᠫᠠᠨᠢ ᠶᠢᠨ ᠬᠢᠨ ᠡᠭᠦᠨ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠬᠡᠵᠥ ᠴᠢᠬᠤᠯᠠᠴᠢᠯᠠᠪᠠ᠃   ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠤᠷᠤᠭ᠎ᠠ ᠪᠤᠰᠬᠠᠭ᠎ᠠ ᠪᠠᠶᠢᠵᠤ᠂ ᠳᠤᠮᠳᠠᠳᠤ ᠤᠯᠤᠰ ᠪᠣᠯᠤᠨ ᠢᠰᠫᠠᠨᠢ ᠴᠥᠮ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ ᠲᠠᠢ ᠤᠯᠤᠰ ᠪᠠᠶᠢᠵᠦ᠂ ᠴᠥᠮ ᠤᠯᠠᠨ ᠲᠠᠯᠠᠲᠤ ᠦᠵᠡᠯ ᠪᠣᠯᠤᠨ ᠴᠢᠯᠥᠭᠡᠲᠦ ᠠᠷᠠᠯᠵᠢᠶ᠎ᠠ ᠶᠢ ᠰᠠᠨᠠᠭᠠᠴᠢᠯᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠦᠭᠵᠢᠵᠤ ᠪᠠᠶᠢᠭ᠎ᠠ ᠤᠯᠤᠰ ᠤᠳ ᠲᠤ ᠬᠠᠨᠳᠤᠭᠤᠯᠤᠭᠰᠠᠨ ᠭᠤᠷᠪᠠᠳᠠᠬᠴᠢ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠪᠠᠨ ᠥᠷᠭᠡᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠠᠬᠢ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃   ᠰᠠᠩᠴᠢᠶᠧᠰ ᠤᠯᠤᠰ ᠤᠨ ᠸᠠᠩ ᠹᠢᠯᠢᠫᠸᠢ ᠵᠢᠷᠭᠤᠳᠤᠭᠠᠷ ᠠᠴᠠ ᠲᠡᠷᠢᠭᠦᠯᠡᠭᠴᠢ ᠰᠢ ᠶᠢᠨ ᠫᠢᠩ ᠳᠤ ᠲᠠᠪᠰᠢᠬᠦᠯᠦᠭᠰᠡᠨ ᠴᠢᠩ ᠰᠡᠳᠭᠢᠯ ᠤᠨ ᠮᠡᠨᠳᠦᠴᠢᠯᠡᠯ ᠢ ᠳᠠᠮᠵᠢᠭᠤᠯᠵᠤ᠂ ᠨᠢᠭᠡ ᠵᠢᠯ ᠠᠯᠤᠰᠯᠠᠭᠠᠳ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠡᠨᠡ ᠨᠢ ᠢᠰᠫᠠᠨᠢ ᠳᠤᠮᠳᠠᠳᠤ ᠶᠢᠨ ᠬᠠᠷᠢᠯᠴᠠᠭ᠎ᠠ ᠶᠢᠨ ᠨᠢᠭᠲᠠ ᠶᠢᠨ ᠬᠡᠮᠵᠢᠶ᠎ᠡ ᠶᠢ ᠬᠠᠷᠠᠭᠤᠯᠵᠤ ᠪᠠᠶᠢᠨ᠎ᠠ᠃ ᠢᠰᠫᠠᠨᠢ ᠳᠤᠮᠳᠠᠳᠤ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠤᠯᠤᠰ ᠬᠠᠷᠢᠯᠴᠠᠨ ᠬᠦᠨᠳᠦᠳᠭᠡᠭᠰᠡᠨ ᠰᠠᠭᠤᠷᠢᠨ ᠳᠡᠭᠡᠷ᠎ᠡ ᠬᠠᠨᠢᠲᠠᠨ ᠤ ᠬᠠᠷᠢᠯᠴᠠᠭ᠎ᠠ ᠪᠠᠨ ᠳᠠᠰᠤᠷᠠᠯᠳᠠ ᠦᠭᠡᠢ ᠬᠥᠭᠵᠢᠭᠦᠯᠵᠦ ᠭᠦᠨᠵᠡᠭᠡᠶᠢᠷᠡᠭᠦᠯᠦᠨ᠎ᠡ᠃ ᠮᠢᠨᠦ ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠯᠤᠲᠤ ᠶᠡᠭᠡ ᠳᠠᠯᠳᠠ ᠬᠦᠴᠦᠨ ᠪᠠ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠂ ᠢᠰᠫᠠᠨᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠠᠵᠤ ᠠᠬᠤᠶᠢᠯᠠᠯ ᠳᠤ ᠰᠠᠶᠢᠨ ᠰᠠᠶᠢᠬᠠᠨ ᠣᠷᠴᠢᠨ ᠨᠦᠬᠦᠴᠡᠯ ᠬᠠᠩᠭᠠᠵᠤ ᠥᠭᠭᠦᠨ᠎ᠡ᠃ ᠢᠰᠫᠠᠨᠢ ᠳᠤᠮᠳᠠᠳᠤ ᠬᠤᠶᠠᠷ ᠲᠠᠯ᠎ᠠ ᠪᠠᠷ ᠢᠶᠠᠨ ᠴᠥᠮ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠤᠯᠠᠨ ᠲᠠᠯᠠᠲᠤ ᠦᠵᠡᠯ ᠢ ᠬᠠᠮᠠᠭᠠᠯᠠᠬᠤ ᠪᠠᠷ ᠴᠢᠷᠮᠠᠶᠢᠵᠤ ᠪᠠᠶᠢᠨ᠎ᠠ᠃ ᠣᠳᠣᠬᠠᠨ ᠤ ᠳᠡᠯᠡᠬᠡᠢ ᠵᠢᠷᠲᠢᠨᠴᠦ ᠣᠷᠤᠭ᠎ᠠ ᠪᠤᠰᠬᠠᠭ᠎ᠠ ᠮᠥᠷᠭᠦᠯᠳᠦᠭᠡᠨ᠂ ᠶᠠᠳᠠᠭᠤ ᠬᠦᠴᠢᠷᠳᠡᠯ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠤᠯᠠᠨ ᠳᠠᠪᠬᠤᠷ ᠥᠷᠢᠰᠥᠯᠳᠦᠭᠡᠨ ᠳᠤ ᠲᠤᠯᠭᠠᠷᠠᠵᠤ᠂ ᠳᠡᠯᠡᠬᠡᠢ ᠨᠡᠶᠢᠭᠡᠮ ᠢᠶᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠠᠷᠭᠠᠴᠠᠭᠠᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠬᠠᠮᠠᠭᠠᠯᠠᠬᠤ ᠵᠠᠩᠭᠢᠯᠠᠭ᠎ᠠ ᠶᠢᠨ ᠬᠦᠴᠦᠨ ᠪᠠᠶᠢᠵᠦ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠢᠰᠫᠠᠨᠢ ᠶᠢᠨ ᠬᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠳᠤ ᠬᠠᠨᠳᠤᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠤᠨ ᠨᠠᠶᠢᠳᠠᠪᠤᠷᠢᠳᠠᠢ ᠬᠠᠨᠢᠲᠠᠨ ᠪᠤᠯᠵᠥ᠂ ᠢᠰᠫᠠᠨᠢ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠪᠣᠯᠤᠨ ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠢᠰᠫᠠᠨᠢ ᠶᠢᠨ ᠬᠢᠨ ᠴᠢᠯᠥᠭᠡᠲᠦ ᠠᠷᠠᠯᠵᠢᠶ᠎ᠠ ᠪᠣᠯᠤᠨ ᠵᠠᠬ᠎ᠠ ᠳᠡᠯᠭᠡᠭᠦᠷ ᠤᠨ ᠨᠡᠭᠡᠭᠡᠯᠳᠠ ᠶᠢᠨ ᠵᠠᠷᠴᠢᠮ ᠢ ᠲᠡᠮᠵᠢᠵᠤ᠂ ᠠᠷᠠᠯᠵᠢᠶᠠᠨ ᠤ ᠲᠠᠶᠢᠨ ᠬᠢᠬᠦ ᠶᠢ ᠵᠥᠪᠰᠢᠶᠡᠷᠡᠬᠦ ᠦᠭᠡᠢ᠂ ᠳᠤᠷᠠᠲᠠᠶ᠎ᠠ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠭᠡᠪᠡ᠃   ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠪᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃   ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号