ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠳᠠ ᠪᠠᠯᠭᠠᠰᠤᠨ ᠤ ᠳᠣᠲᠣᠷᠠᠬᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠡᠵᠡᠯᠡᠵᠦ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12
   9 ᠰᠠᠷ᠎ᠠ ᠶᠢᠨ 11 ᠤ ᠡᠳᠦᠷ᠂ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ ᠪᠠᠯᠭᠠᠰᠤᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠣᠢ ᠪᠣᠯᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠲᠠᠯ᠎ᠠ ᠶᠢᠨ ᠬᠦᠴᠦᠨ ᠢ ᠬᠠᠮᠲᠤᠷᠠᠨ ᠵᠣᠬᠢᠴᠠᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠪᠡ᠃    ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠤᠳ ᠲᠤᠬᠠᠢ ᠶᠢᠨ ᠲᠠᠯᠠᠪᠤᠷ ᠲᠤ ᠬᠦᠷᠴᠦ ᠵᠢᠭᠠᠨ ᠵᠢᠯᠣᠭᠤᠳᠴᠤ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ ︽ᠲᠤᠬᠠᠢ ᠶᠢᠨ ᠭᠠᠵᠠᠷ ᠲᠤᠨᠢ ᠣᠶᠢᠯᠠᠭᠠᠵᠤ᠂ ᠲᠤᠬᠠᠢ ᠶᠢᠨ ᠭᠠᠵᠠᠷ ᠲᠤᠨᠢ ᠠᠯᠪᠠᠯᠠᠵᠤ ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠵᠣᠬᠢᠴᠠᠭᠤᠯᠤᠨ ᠬᠠᠮᠵᠢᠯᠴᠠᠬᠤ ᠵᠠᠰᠠᠯᠲᠠ ᠶᠢᠨ ᠲᠥᠰᠦᠯ ᠢ ᠪᠣᠢ ᠪᠣᠯᠭᠠᠪᠠ᠃ ᠡᠭᠦᠨ ᠤ ᠬᠠᠮᠲᠤ᠂ ᠲᠦᠭᠵᠢᠷᠡᠯ ᠪᠣᠯᠤᠭᠰᠠᠨ ᠰᠢᠯᠲᠠᠭᠠᠨ ᠢ ᠵᠠᠳᠠᠯᠵᠤ᠂ ᠬᠡᠰᠡᠭ ᠰᠤᠷᠭᠠᠭᠤᠯᠢ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠵᠡᠷᠭᠡ ᠲᠡᠷᠭᠡ ᠬᠥᠰᠬᠡ ᠶᠢᠨ ᠲᠦᠷ ᠴᠠᠭ ᠤᠨ ᠲᠡᠷᠭᠡᠨ ᠵᠣᠭᠰᠣᠭᠠᠯ᠂ ᠲᠦᠷ ᠴᠠᠭ ᠤᠨ ᠮᠠᠰᠢᠨᠲᠤ ᠪᠤᠰᠤ ᠲᠡᠷᠭᠡ ᠶᠢᠨ ᠲᠡᠷᠭᠡ ᠵᠣᠭᠰᠣᠭᠠᠬᠤ ᠣᠷᠣᠨ ᠢ ᠳᠠᠬᠢᠨ ᠲᠥᠯᠥᠪᠵᠢᠭᠦᠯᠪᠡ᠃ ᠳᠠᠷᠠᠭ᠎ᠠ ᠨᠢ᠂ ᠪᠠᠯᠭᠠᠰᠤᠨ ᠤ ᠳᠣᠲᠣᠷᠠᠬᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠡᠵᠡᠯᠡᠬᠦ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠤᠰ ᠤᠳᠠᠭᠠᠨ ᠤ ᠠᠬᠢᠭᠤᠯᠬᠤ ᠬᠤᠷᠠᠯ ᠨᠢ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠦ᠂ ᠵᠠᠮ ᠬᠠᠷᠢᠯᠴᠠᠭᠠᠨ ᠤ ᠲᠦᠭᠵᠢᠷᠡᠯ ᠢ ᠴᠡᠭᠴᠡᠯᠡᠨ ᠵᠠᠰᠠᠬᠤ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ ᠪᠠ ᠰᠣᠯᠢᠯᠴᠠᠬᠤ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠲᠥᠰᠦᠯ ᠢ ᠬᠠᠮᠲᠤ ᠪᠠᠷ ᠵᠥᠪᠳᠡᠯᠴᠡᠪᠡ᠃    ᠬᠤᠷᠠᠯ ᠠᠴᠠ ᠱᠠᠭᠠᠷᠳᠠᠭᠰᠠᠨ ᠨᠢ᠂ ᠡᠳᠦᠷ ᠲᠤᠲᠤᠮ ᠤᠨ ᠠᠵᠢᠯ ᠤᠨ ᠳᠤᠮᠳᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠰᠠᠭᠤᠭᠠᠯᠢ ᠠᠷᠠᠳ ᠢ ᠤᠬᠠᠮᠰᠠᠷ ᠠᠴᠠ ᠪᠠᠨ ᠪᠣᠯᠪᠠᠰᠤᠨ ᠢᠶᠠᠷ ᠲᠡᠷᠭᠡ ᠵᠣᠭᠰᠣᠭᠠᠵᠤ᠂ ᠲᠡᠷᠭᠡ ᠵᠣᠭᠰᠣᠭᠠᠬᠤ ᠶᠢ ᠵᠢᠷᠤᠮᠵᠢᠭᠤᠯᠵᠤ᠂ ᠲᠡᠷᠭᠡ ᠵᠣᠭᠰᠣᠭᠠᠬᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠤᠬᠠᠮᠰᠠᠷ ᠠᠴᠠ ᠪᠠᠨ ᠬᠠᠮᠵᠢᠯᠴᠠᠨ ᠳᠡᠮᠵᠢᠬᠦ ᠬᠡᠷᠡᠭᠲᠡᠢ︔ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠶᠢᠨ ᠬᠠᠮᠲᠤ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠮ ᠬᠠᠷᠢᠯᠴᠠᠭᠠᠨ ᠤ ᠲᠦᠭᠵᠢᠷᠡᠯ ᠢ ᠴᠡᠭᠴᠡᠯᠡᠨ ᠵᠠᠰᠠᠬᠤ ᠠᠰᠠᠭᠤᠳᠠᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠲᠤᠰᠬᠠᠢ ᠠᠩᠭᠢ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠴᠡᠭᠴᠡᠯᠡᠨ ᠵᠠᠰᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠰᠢᠮᠳᠠᠭᠤᠯᠤᠨ ᠵᠢᠯᠣᠭᠤᠳᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠣᠶᠤᠨᠴᠢᠯᠠᠭᠰᠠᠨ ᠠᠷᠭ᠎ᠠ ᠪᠠᠷᠢᠯ ᠢ ᠠᠰᠢᠭᠯᠠᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︔ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ ᠳᠤ᠂ ᠪᠠᠯᠭᠠᠰᠤᠨ ᠤ ᠲᠡᠷᠭᠡ ᠵᠣᠭᠰᠣᠬᠤ ᠡᠮᠬᠢ ᠳᠢᠭᠯᠢᠮ ᠶᠡᠭᠡ ᠬᠡᠮᠵᠢᠶ᠎ᠡ ᠪᠠᠷ ᠳᠡᠭᠡᠭᠰᠢᠯᠡᠨ᠎ᠡ᠃ ᠲᠥᠪᠯᠡᠷᠡᠭᠦᠯᠦᠨ ᠴᠡᠭᠴᠡᠯᠡᠨ ᠵᠠᠰᠠᠭᠰᠠᠨ ᠤ ᠳᠠᠷᠠᠭ᠎ᠠ ᠵᠣᠬᠢᠴᠠᠩᠭᠤᠢ ᠪᠦᠬᠦᠢ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠪᠠᠷ ᠳᠠᠮᠵᠢᠭᠤᠯᠤᠨ᠂ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠪᠣᠯᠪᠠᠰᠤᠨ ᠡᠮᠬᠢ ᠵᠢᠷᠤᠮ ᠲᠠᠢ ᠲᠡᠷᠭᠡ ᠵᠣᠭᠰᠣᠭᠠᠬᠤ ᠣᠷᠴᠢᠨ ᠲᠣᠭᠤᠷᠢᠨ ᠢ ᠪᠣᠢ ᠪᠣᠯᠭᠠᠵᠤ᠂ ︽ᠨᠢᠭᠡ ᠯᠡ ᠤᠳᠠᠭ᠎ᠠ ᠰᠠᠯᠬᠢ ᠪᠠᠷ ᠥᠩᠭᠡᠷᠡᠬᠦ᠂ ᠰᠡᠭᠦᠯᠴᠢ ᠶᠢᠨ ᠨᠢᠭᠡ ᠤᠳᠠᠭ᠎ᠠ ᠬᠤᠭᠤᠰᠣᠨ ᠪᠣᠯᠬᠤ︾ ᠦᠵᠡᠭᠳᠡᠯ ᠢ ᠡᠷᠡᠰ ᠬᠤᠷᠢᠭᠯᠠᠵᠤ᠂ ᠪᠠᠯᠭᠠᠰᠤᠨ ᠤ ᠲᠡᠷᠭᠡ ᠵᠣᠭᠰᠣᠭᠠᠬᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号