ᠰᠢ ᠶᠢᠨ ᠫᠢᠩ ᠱᠠᠨᠰᠢ ᠶᠢᠨ ᠪᠦᠦ ᠶᠢᠨ ᠬᠤᠲᠠ ᠪᠣᠯᠤᠨ ᠭᠠᠨᠰᠦ ᠶᠢᠨ ᠲᠢᠶᠠᠨ ᠱᠦᠢ ᠬᠤᠲᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/12
   10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠢ ᠬᠤᠲᠠ ᠪᠣᠯᠤᠨ ᠭᠠᠨᠰᠦ ᠮᠤᠵᠢ ᠶᠢᠨ ᠲᠢᠶᠠᠨ ᠱᠦᠢ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠪᠦᠦ ᠵᠢᠢ ᠬᠤᠲᠠ ᠳᠤ᠂ ᠰᠢ ᠶᠢᠨ ᠫᠢᠩ ᠡᠷᠳᠡᠨᠢ ᠶᠢᠨ ᠬᠦᠷᠡᠯ ᠵᠡᠪᠰᠡᠭ ᠤᠨ ᠮᠦᠽᠧᠢ ᠶᠢᠨ ᠬᠦᠷᠢᠶᠡᠯᠡᠩ᠂ ᠸᠧᠢ ᠾᠧ ᠠᠮᠢ ᠠᠬᠤᠢ ᠶᠢᠨ ᠴᠡᠴᠡᠷᠯᠢᠭ ᠲᠤ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠢᠶᠠᠨ ᠱᠦᠢ ᠬᠤᠲᠠ ᠳᠤ᠂ ᠰᠢ ᠶᠢᠨ ᠫᠢᠩ ᠹᠦ᠋ ᠰᠢ ᠮᠢᠶᠣᠣ᠂ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠ ᠶᠢᠨ ᠴᠢᠯᠠᠭᠤᠨ ᠠᠭᠤᠢ ᠶᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠬᠤ᠂ ᠣᠨᠴᠠᠯᠢᠭᠲᠤ ᠣᠳᠣ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ ᠬᠥᠭᠵᠢᠭᠦᠯᠬᠦ ᠵᠡᠷᠭᠡ ᠪᠠᠶᠢᠳᠠᠯ ᠢ ᠣᠶᠢᠯᠠᠭᠠᠪᠠ᠃
 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号