ᠰᠢ ᠶᠢᠨ ᠫᠢᠩ ᠪᠥᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/9/12
    ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ    ᠯᠢ ᠴᠢᠶᠠᠩ ᠬᠤᠷᠠᠯ ᠢ ᠡᠷᠭᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠵᠤ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 10 ᠤ ᠴᠠᠭᠢᠯᠭᠠᠨ ᠮᠡᠳᠡᠭᠡ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠂ ᠡᠷᠬᠡᠪᠰᠢ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠥᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃    ᠯᠢ ᠴᠢᠶᠠᠩ ᠬᠤᠷᠠᠯ ᠢ ᠡᠷᠭᠢᠯᠡᠵᠡᠢ᠃ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠬᠤᠷᠠᠯ ᠳᠤ ᠣᠷᠣᠯᠴᠠᠪᠠ᠃ ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    ᠰᠢ ᠶᠢᠨ ᠫᠢᠩ ᠶᠠᠷᠢᠶᠠᠨ ᠳᠠᠭᠠᠨ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠲᠡᠮᠡᠴᠡᠬᠦ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠪᠢᠳᠡᠨ ᠤ ᠪᠠᠶᠢᠭᠤᠯᠤᠨ ᠪᠦᠲᠦᠭᠡᠬᠦ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠠᠬᠢ ᠨᠥᠯᠥᠭᠡᠯᠡᠬᠦ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ᠂ ᠪᠢᠳᠠ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠭᠤᠣᠯᠳᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢ ᠰᠤᠷᠤᠯᠴᠠᠬᠤ ᠪᠠ ᠪᠦᠭᠦ ᠲᠠᠯ᠎ᠠ ᠪᠠᠷ ᠬᠥᠭᠵᠢᠭᠦᠯᠬᠦ᠂ ᠴᠢᠳᠠᠪᠤᠷᠢᠲᠠᠨ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢᠳᠠᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠵᠠᠯᠠᠭᠤ ᠥᠰᠪᠦᠷᠢ ᠶᠢᠨ ᠰᠤᠷᠤᠬᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠶ ᠪᠤᠯᠭᠠᠵᠤ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠭᠴᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ ᠪᠠᠶᠠᠯᠢᠭ ᠤᠨ ᠬᠥᠮᠥᠨ ᠢ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ ᠪᠤᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠠᠴᠠ ᠭᠠᠷᠳᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠂ ᠰᠠᠭᠤᠷᠢ ᠰᠢᠨᠵᠢᠯᠡᠭᠡᠨ᠂ ᠰᠢᠨ᠎ᠡ ᠪᠠᠷ ᠪᠤᠶ ᠪᠣᠯᠤᠭᠰᠠᠨ ᠰᠢᠨᠵᠢᠯᠡᠭᠡᠨ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠣᠷᠦ᠋ᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠮᠡᠷᠭᠡᠵᠢᠯ ᠪᠠ ᠡᠩ ᠤᠨ ᠬᠢ ᠠᠭᠤᠰᠤᠯᠴᠠᠭᠰᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠣᠮᠣ ᠤᠯᠤᠰ ᠤᠨ ᠤᠷᠠᠨ ᠳᠠᠷᠬᠠᠨ᠂ ᠤᠷᠠᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠪᠣᠯᠬᠤᠶᠢᠴᠠ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠭᠢ᠂ ᠪᠦᠯᠦᠭ ᠴᠣᠭᠴᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢ ᠬᠥᠮᠥᠵᠢᠭᠦᠯᠦᠨ ᠪᠤᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠥᠯᠥᠰᠦ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠪᠠᠭᠰᠢ ᠶᠢᠨ ᠠᠵᠢᠯ ᠮᠡᠷᠭᠡᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠳᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠣᠷᠣᠭᠤᠯᠤᠨ ᠠᠪᠴᠢᠷᠠᠬᠤ︾ ᠪᠠ ︽ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠣᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠶᠢ ᠪᠦᠭᠦ ᠲᠠᠯ᠎ᠠ ᠪᠠᠷ ᠳ᠋ᠦᠩᠨᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠣᠨ ᠦᠨᠳᠦᠰᠦᠨ ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠰᠢᠢᠳᠪᠦᠷᠢᠯᠡᠬᠦ ᠬᠡᠷᠡᠭᠲᠡᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ ᠠᠵᠢᠯ ᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠂ ᠡᠨᠡ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠣᠳᠠᠲᠠᠢ ᠶᠢ ᠡᠷᠬᠢᠮᠯᠡᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠢ ᠰᠠᠶᠢᠲᠤᠷ ᠪᠤᠯᠪᠠᠰᠤᠷᠠᠭᠤᠯᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠴᠢᠬᠤᠯᠠ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠤᠷᠭᠠᠨ ᠬᠥᠮᠦᠵᠢᠯ ᠤᠨ ᠲᠤᠬᠠᠢ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠷᠲᠡᠭᠡᠮᠵᠢ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠰᠠᠭᠤᠷᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠨᠡᠭᠡᠭᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠪᠠᠶᠢᠭᠤᠯᠤᠯ ᠲᠣᠭᠲᠠᠴᠠ ᠶᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠯᠢᠶᠣᠤᠨᠢᠩ ᠮᠤᠵᠢ᠂ ᠱᠠᠩᠬᠠᠢ ᠬᠤᠲᠠ᠂ ᠬᠤᠪᠧᠢ ᠮᠤᠵᠢ᠂ ᠭᠦᠢᠵᠧᠦ ᠮᠤᠵᠢ᠂ ᠳᠤᠮᠳᠠᠳᠤ ᠤᠯᠤᠰ ᠤᠨ ᠡᠯᠧᠺᠳ᠋ᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠭᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠬᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠥᠯᠥᠭᠡᠯᠡᠭᠴᠢᠳ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃    ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠪᠠ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号