ᠬᠦᠷᠢᠶᠡᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ ᠠᠷᠠᠳ ᠤᠨ ᠤᠷᠤᠯᠭ᠎ᠠ ᠶᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/9/13
   ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠬᠦᠷᠢᠶᠡᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠪᠦᠬᠦ ᠲᠣᠰᠬᠤᠨ ᠢᠶᠠᠷ ᠢᠶᠠᠨ ᠠᠬᠢᠭᠤᠯᠬᠤ ᠠᠷᠭ᠎ᠠ ᠮᠠᠶ᠋ᠢᠭ ᠢᠶᠠᠷ ᠵᠢᠵᠢᠭᠬᠡᠨ ᠬᠦᠷᠢᠶ᠎ᠡ ᠬᠠᠰᠢᠶ᠎ᠠ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠡᠷᠳᠡᠨᠢ ᠶᠢᠨ ᠰᠠᠪᠠ︾ ᠪᠣᠯᠭᠠᠪᠠ᠃ ᠲᠣᠰᠬᠤᠨ ᠤ ᠠᠷᠠᠳ ᠥᠪᠡᠷ ᠤᠨ ᠬᠦᠷᠢᠶ᠎ᠡ ᠬᠠᠰᠢᠶ᠎ᠠ ᠪᠠᠨ ᠭᠦᠢᠴᠡᠳ ᠠᠰᠢᠭᠯᠠᠵᠤ᠂ ᠲᠠᠷᠢᠮᠠᠯ ᠤᠨ ᠵᠦᠢᠯ ᠢ ᠨᠠᠷᠢᠨ ᠨᠢᠮᠪᠠᠢ ᠲᠠᠷᠢᠵᠤ᠂ ᠲᠠᠷᠢᠬᠤ ᠠᠴᠠ ᠬᠤᠷᠢᠶᠠᠬᠤ ᠬᠦᠷᠲᠡᠯ᠎ᠡ᠂ ᠭᠤᠭᠴᠤᠭ᠎ᠠ ᠪᠣᠯᠭᠠᠨ ᠳᠤ ᠲᠡᠳᠡᠨ ᠤ ᠰᠢᠷᠭᠠᠭᠤ ᠬᠠᠲᠠᠭᠤᠵᠢᠯᠲᠠᠢ ᠬᠦᠴᠦ ᠬᠥᠯᠥᠰᠥ ᠠᠭᠤᠯᠤᠭᠳᠠᠵᠤ ᠪᠠᠶᠢᠨ᠎ᠠ᠃ ᠨᠢᠭᠡ ᠬᠡᠰᠡᠭ ᠪᠣᠯᠪᠠᠰᠤᠷᠠᠭᠰᠠᠨ ᠨᠠᠩᠭᠢ ᠡᠷᠳᠡᠨᠢ ᠰᠢᠰᠢ ᠶᠢᠨ ᠲᠠᠷᠢ᠊ ᠡᠶ᠎ᠡ ᠨᠢᠳᠦᠨ ᠳᠤ ᠬᠠᠷᠠᠭᠳᠠᠨ᠎ᠠ᠃ ᠳᠥᠷᠥᠯᠵᠢ ᠪᠠᠯᠭᠠᠰᠤᠨ ᠤ ᠪᠤᠯᠠᠭᠠᠨ ᠠᠷᠤ ᠭᠠᠴᠠᠭᠠᠨ ᠳᠤ᠂ ᠪᠣᠯᠪᠠᠰᠤᠷᠠᠭᠰᠠᠨ ᠨᠠᠩᠭᠢ ᠡᠷᠳᠡᠨᠢ ᠰᠢᠰᠢ ᠶᠢᠨ ᠬᠡᠰᠡᠭ ᠭᠠᠵᠠᠷ ᠲᠤ ᠨᠢᠳᠦᠨ ᠳᠤ ᠲᠣᠳᠣᠷᠠᠵᠤ᠂ ᠠᠯᠲᠠᠨ ᠰᠢᠷᠭᠠᠯ ᠡᠷᠳᠡᠨᠢ ᠰᠢᠰᠢ ᠶᠢᠨ ᠰᠠᠪᠬ᠎ᠠ ᠳᠦᠭᠦᠷᠡᠩ ᠬᠥᠮᠦᠰ ᠤᠨ ᠪᠠᠭ᠋ᠠᠷᠬᠠᠯ ᠢ ᠲᠠᠲᠠᠵᠤ᠂ ᠶᠠᠭ ᠯᠠ ᠬᠥᠮᠦᠰ ᠲᠤ ᠡᠯᠪᠡᠭ ᠬᠤᠷᠢᠶᠠᠯᠲᠠ ᠶᠢᠨ ᠦᠪᠡᠳᠡᠭᠰᠢ ᠪᠠᠶᠢᠳᠠᠯ ᠢ ᠦᠵᠡᠭᠦᠯᠵᠦ ᠪᠠᠶᠢᠭ᠎ᠠ ᠰᠢᠭ᠋ ᠰᠠᠨᠠᠭᠳᠠᠨ᠎ᠠ᠃      ᠲᠣᠰᠬᠤᠨ ᠤ ᠠᠷᠠᠳ ᠡᠷᠳᠡᠨᠢ ᠰᠢᠰᠢ ᠶᠢᠨ ᠲᠠᠷᠢᠶᠠᠨ ᠳᠤ ᠰᠦᠯᠵᠢᠯᠳᠦᠵᠦ᠂ ᠴᠢᠷᠠᠢ ᠳᠤ ᠪᠠᠶᠠᠷ ᠤᠨ ᠢᠨᠢᠶᠡᠮᠰᠦᠭᠯᠡᠯ ᠪᠢᠯᠬᠠᠨ᠎ᠠ᠃ ︽ᠡᠨᠡ ᠵᠢᠯ ᠪᠢᠳᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠨᠠᠩᠭᠢ ᠡᠷᠳᠡᠨᠢ ᠰᠢᠰᠢ ᠲᠠᠷᠢᠬᠤ ᠶᠢ ᠶᠡᠬᠡᠪᠡᠷ ᠬᠥᠭᠵᠢᠭᠦᠯᠪᠡ᠃ ᠡᠶᠢᠮᠦ ᠰᠡᠶᠢᠠ ᠬᠤᠷᠢᠶᠠᠯᠲᠠ ᠣᠯᠤᠨ᠎ᠠ ᠭᠡᠵᠦ ᠪᠣᠳᠣᠵᠤ ᠣᠯᠤᠭᠰᠠᠨ ᠦᠭᠡᠢ᠂ ᠡᠨᠡ ᠬᠦ ᠬᠦᠷᠢᠶ᠎ᠡ ᠬᠠᠰᠢᠶᠠᠨ ᠤ ᠠᠵᠤ ᠠᠬᠤᠢ ᠦᠨᠡᠬᠡᠷ ᠪᠢᠳᠡᠨ ᠳᠤ ᠦᠨᠡᠨ ᠪᠣᠳᠠᠲᠠᠢ ᠠᠰᠢᠭ ᠣᠷᠣᠯᠭ᠎ᠠ ᠠᠪᠴᠢᠷᠠᠵᠤ ᠥᠭᠴᠡᠢ᠃︾ ᠭᠡᠵᠤ ᠳᠥᠷᠥᠯᠵᠢ ᠪᠠᠯᠭᠠᠰᠤᠨ ᠤ ᠪᠤᠯᠠᠭ ᠤᠨ ᠠᠷᠤ ᠭᠠᠴᠠᠭᠠᠨ ᠤ ᠠᠷᠠᠳ  ᠴᠢ᠂ ᠠᠯᠳᠠᠷᠲᠦ ᠬᠡᠯᠡᠪᠡ᠃    ᠳᠥᠷᠥᠯᠵᠢ ᠭᠠᠴᠠᠭᠠᠨ ᠤ ᠠᠷᠠᠳ ᠱᠢ ᠶᠢᠨ ᠴᠢᠶᠣᠤ ᠶᠢᠨ ᠭᠡᠷ ᠤᠨ ᠬᠦᠷᠢᠶ᠎ᠡ ᠬᠠᠰᠢᠶᠠᠨ ᠳᠤ᠂ 1 ᠮᠦ ᠭᠠᠵᠠᠷ ᠤᠨ ᠡᠷᠳᠡᠨᠢ ᠰᠢᠰᠢ ᠶᠢᠨ ᠤᠷᠭᠤᠯᠳᠠ ᠶᠢᠨ ᠪᠠᠶᠢᠳᠠᠯ ᠮᠠᠰᠢ ᠰᠠᠶᠢᠨ ᠪᠠᠶᠢᠵᠤ᠂ ᠲᠡᠷᠡ ᠶᠠᠭ ᠬᠥᠰᠢᠭᠦᠨ ᠡᠷᠳᠡᠨᠢ ᠰᠢᠰᠢ ᠶᠢ ᠡᠰᠢ ᠰᠦᠷᠡᠯ ᠤᠨ ᠳᠡᠭᠡᠷ᠎ᠡ ᠠᠴᠠ ᠣᠭᠲᠣᠯᠤᠨ ᠠᠪᠴᠤ᠂ ᠬᠠᠵᠠᠭᠤ ᠶᠢᠨ ᠰᠠᠭᠰᠤᠨ ᠳᠤ ᠬᠢᠵᠦ ᠪᠠᠶᠢᠯ᠎ᠠ᠃ ᠲᠣᠰᠬᠤᠨ ᠤ ᠠᠷᠠᠳ ᠲᠠᠢ ᠭᠡᠷ᠎ᠡ ᠲᠣᠭᠲᠠᠭᠰᠠᠨ ᠺᠣᠮᠫᠠᠨᠢ ᠬᠤᠳᠠᠯᠳᠤᠨ ᠠᠪᠬᠤ ᠪᠠᠷ ᠢᠷᠡᠯ᠎ᠡ᠃    ᠡᠨᠡ ᠵᠢᠯ ᠠᠴᠠ ᠨᠠᠰᠢ᠂ ᠳᠥᠷᠥᠯᠵᠢ ᠪᠠᠯᠭᠠᠰᠤ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠨᠠᠩᠭᠢ ᠡᠷᠳᠡᠨᠢ ᠰᠢᠰᠢ ᠶᠢ ᠢᠳᠡᠪᠬᠢᠲᠡᠢ ᠲᠠᠷᠢᠬᠤ ᠶᠢ ᠵᠣᠷᠢᠭᠵᠢᠭᠤᠯᠬᠤ ᠶᠢᠨ ᠲᠥᠯᠥᠭᠡ᠂ ᠵᠢᠯ ᠤᠨ ᠡᠬᠢᠨ ᠳᠤ ᠣᠯᠠᠨ ᠺᠣᠮᠫᠠᠨᠢ ᠲᠠᠢ ᠭᠡᠷ᠎ᠡ ᠲᠣᠭᠲᠠᠵᠤ᠂ ᠲᠡᠳᠡᠨ ᠳᠤ ᠰᠦᠢᠳᠬᠡᠯ ᠬᠤᠷᠢᠶᠠᠬᠤ ᠦᠭᠡᠢ ᠲᠠᠷᠢᠬᠤ ᠮᠡᠷᠭᠡᠵᠢᠯ᠂ ᠦᠷ᠎ᠡ ᠪᠠ ᠬᠢᠮᠢ ᠶᠢᠨ ᠪᠣᠷᠳᠣᠭᠤᠷ ᠢ ᠬᠠᠩᠭᠠᠵᠤ᠂ ᠲᠡᠷᠢᠬᠤ ᠥᠪᠡᠷ ᠤᠨ ᠥᠷᠲᠡᠭ ᠢ ᠪᠠᠭᠤᠷᠠᠭᠤᠯᠤᠨ᠂ ᠨᠠᠮᠤᠷ ᠤᠨ ᠬᠤᠷᠢᠶᠠᠯᠲᠠ ᠶᠢᠨ ᠦᠶ᠎ᠡ ᠳᠤ ᠢᠷᠡᠵᠦ ᠬᠤᠳᠠᠯᠳᠤᠨ ᠠᠪᠴᠤ᠂ ᠲᠠᠷᠢᠬᠤ ᠡᠷᠦᠬᠡ ᠶᠢᠨ ᠪᠣᠷᠣᠯᠠᠭᠤᠯᠭ᠎ᠠ ᠶᠢᠨ ᠳᠠᠷᠠᠭᠠᠬᠢ ᠵᠣᠪᠠᠨᠢᠯ ᠢ ᠰᠢᠢᠳᠪᠦᠷᠢᠯᠡᠵᠦ ᠥᠭᠪᠡ᠃ ︽ᠡᠨᠡ ᠵᠢᠯ ᠮᠠᠨ ᠤ ᠭᠠᠴᠠᠭᠠᠨ ᠤ ᠲᠠᠷᠢᠵᠤ ᠤᠷᠭᠤᠭᠤᠯᠬᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠡᠷᠳᠡᠨᠢ ᠰᠢᠰᠢ ᠮᠢᠨᠦ ᠨᠢᠳᠦᠨ ᠡᠮᠦᠨ᠎ᠡ ᠭᠡᠭᠡᠵᠦ᠂ ᠨᠠᠩᠭᠢ ᠡᠷᠳᠡᠨᠢ ᠰᠢᠰᠢ ᠶᠢᠨ ᠶᠠᠰᠤ ᠴᠢᠨᠠᠷ ᠨᠢ ᠮᠠᠰᠢ ᠰᠠᠶᠢᠨ᠂ ᠡᠷᠳᠡᠨᠢ ᠰᠢᠰᠢ ᠶᠢᠨ ᠮᠥᠬᠦᠯᠢᠭ ᠨᠢ ᠪᠦᠷᠢᠨ ᠲᠡᠭᠦᠯᠳᠡᠷ᠂ ᠪᠢᠳᠡ ᠬᠠᠷᠢᠭᠠᠳ ᠪᠣᠯᠪᠠᠰᠤᠷᠠᠭᠤᠯᠵᠤ ᠪᠠᠷᠠᠭᠰᠠᠨ ᠤ ᠳᠠᠷᠠᠭ᠎ᠠ ᠪᠠᠰᠠ ᠨᠢᠭᠡ ᠰᠠᠶᠢᠨ ᠦᠨ᠎ᠡ ᠪᠠᠷ ᠬᠤᠳᠠᠯᠳᠤᠨ᠎ᠠ︾ ᠭᠡᠪᠡ᠃ ᠭᠠᠷᠢᠩ ᠮᠤᠵᠢ ᠶᠢᠨ ᠪᠠᠢ ᠴᠢᠨ ᠭᠤᠸ᠎ᠠ ᠶᠢᠨ ᠬᠡᠯᠡᠬᠦ ᠳᠤ ᠪᠠᠨ᠃ ᠬᠤᠳᠠᠯᠳᠤᠨ ᠠᠪᠬᠤ ᠺᠣᠮᠫᠠᠨᠢ ᠡᠷᠳᠡᠨᠢ ᠰᠢᠰᠢ ᠶᠢ ᠲᠡᠷᠭᠡᠨ ᠳᠡᠭᠡᠷ᠎ᠡ ᠠᠴᠢᠬᠤ᠃ ᠣᠳᠣᠬᠠᠨ ᠳᠤ᠂ ᠳᠥᠷᠥᠯᠵᠢ ᠪᠠᠯᠭᠠᠰᠤᠨ ᠤ 7 ᠭᠠᠴᠠᠭ᠎ᠠ ᠨᠢᠭᠡᠨᠲᠡ ᠨᠠᠩᠭᠢ ᠡᠷᠳᠡᠨᠢ ᠰᠢᠰᠢ ᠲᠠᠷᠢᠬᠤ ᠶᠢ ᠠᠬᠢᠭᠤᠯᠵᠤ᠂ ᠨᠠᠩᠭᠢ ᠡᠷᠳᠡᠨᠢ ᠰᠢᠰᠢ ᠲᠠᠷᠢᠬᠤ ᠡᠷᠦᠬᠡ 661 ᠪᠣᠯᠵᠤ᠂ ᠲᠠᠷᠢᠬᠤ ᠲᠠᠯᠠᠪᠠᠢ 2154.38 ᠮᠦ᠂ ᠮᠦ ᠪᠦᠷᠢ ᠶᠢᠨ ᠣᠷᠣᠯᠭ᠎ᠠ 800 ᠲᠥᠭᠦᠷᠢᠭ ᠣᠷᠴᠢᠮ ᠨᠡᠮᠡᠭᠳᠡᠵᠦ᠂ ᠵᠢᠱᠢᠯᠲᠡ ᠪᠠᠷ ᠭᠠᠴᠠᠭᠠᠨ ᠤ ᠶᠡᠷᠦᠩᠬᠡᠢ ᠦᠢᠯᠡᠳᠬᠦᠨ ᠤ ᠥᠷᠲᠡᠭ 430 ᠭᠠᠷᠤᠢ ᠲᠦᠮᠡᠨ ᠲᠥᠭᠦᠷᠢᠭ ᠲᠤ ᠬᠦᠷᠴᠡᠢ᠃    ︽ᠪᠢᠳᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠮᠡᠷᠭᠡᠵᠢᠯ ᠤᠨ ᠵᠢᠯᠣᠭᠤᠳᠣᠯᠭ᠎ᠠ ᠪᠠ ᠵᠠᠬ᠎ᠠ ᠳᠡᠯᠭᠡᠭᠦᠷ ᠤᠨ ᠵᠣᠯᠭᠠᠯᠴᠠᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠢ ᠥᠪᠡᠷ ᠤᠨ ᠬᠦᠷᠢᠶᠡᠨ ᠳᠤ ᠣᠷᠣᠯᠭ᠎ᠠ ᠶᠢ ᠨᠢ ᠨᠡᠮᠡᠭᠳᠡᠭᠦᠯᠵᠦ ᠲᠠᠶᠢᠯᠤᠨ᠎ᠠ᠃ ᠡᠨᠡ ᠵᠢᠯ ᠤᠨ ᠡᠷᠳᠡᠨᠢ ᠰᠢᠰᠢ ᠶᠢᠨ ᠡᠯᠪᠡᠭ ᠬᠤᠷᠢᠶᠠᠯᠲᠠ ᠪᠣᠯ ᠳᠠᠷᠤᠢ ᠮᠠᠰᠢ ᠰᠠᠶᠢᠨ ᠵᠢᠱᠢᠶ᠎ᠡ ᠪᠣᠯᠤᠨ᠎ᠠ᠂ ᠪᠢᠳᠡ ᠪᠠᠰᠠ ᠦᠷᠭᠦᠯᠵᠢᠯᠡᠨ ᠴᠢᠷᠮᠠᠶᠢᠵᠤ᠂ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠪᠠᠶᠢᠭᠤᠯᠬᠤ ᠶᠢ ᠴᠢᠬᠤᠯᠠᠴᠢᠯᠠᠵᠤ᠂ ᠨᠢᠭᠡ ᠲᠣᠰᠬᠤᠨ ᠳᠤ ᠨᠢᠭᠡ ᠲᠥᠷᠥᠯ ᠵᠦᠢᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠳᠥᠷᠥᠯᠵᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠦᠵᠢ᠂ ᠪᠠᠯᠭᠠᠰᠤᠨ ᠤ ᠳᠠᠷᠤᠭ᠎ᠠ  ᠡᠤ ᠹᠦ᠋ ᠬᠦᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号