ᠠᠶᠢᠮᠠᠭ ᠤᠨ ᠱᠠᠲᠤᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 11 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ  ᠤᠴᠠᠷᠠᠯᠲᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠤᠤᠯ ᠤᠨ ᠡᠷᠬᠢᠯᠡᠭᠴᠢ ᠯᠢᠦ ᠵᠢᠶᠠᠨ ᠰᠢ ᠵᠡᠷᠭᠡ ᠠᠶᠢᠮᠠᠭ ᠤᠨ ᠳᠡᠰ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ︽ᠭᠡᠷᠡᠯ ᠰᠠᠴᠤᠷᠠᠩᠭᠤᠢ ᠠᠮᠵᠢᠯᠲᠠ ᠶᠢ ᠮᠠᠭᠲᠠᠨ ᠰᠠᠶᠢᠰᠢᠶᠠᠵᠤ ᠬᠦᠴᠦᠨ ᠴᠢᠳᠠᠯ ᠢᠶᠠᠨ ᠪᠠᠳᠠᠷᠠᠭᠤᠯᠬᠤ︾ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠠᠶᠢᠮᠠᠭ ᠤᠨ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠳᠠᠶᠢᠴᠢᠨᠲᠠᠯ᠎ᠠ ᠰᠤᠮᠤ᠂ ᠬᠠᠩᠭᠠᠯ ᠨᠠᠭᠤᠷ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ᠂ ᠪᠠᠶᠠᠨᠬᠤᠰᠢᠭᠤ ᠪᠠᠯᠭᠠᠰᠤᠨ ᠤ ᠰᠢᠷᠠᠲᠤᠪᠤ ᠭᠠᠴᠠᠭ᠎ᠠ᠂ ᠭᠤᠣᠯ ᠤᠨ ᠪᠠᠶᠢᠰᠢᠩ ᠪᠠᠯᠭᠠᠰᠤᠨ ᠤ ᠬᠤᠸᠠ ᠳᠣᠪᠤ ᠪᠣᠯᠤᠨ ᠰᠠᠮᠠᠭ᠎ᠠ ᠭᠠᠴᠠᠭ᠎ᠠ᠂ ᠰᠢᠨᠠᠵᠠᠮ ᠰᠤᠮᠤ ᠶᠢᠨ ᠬᠤᠯᠪᠣᠭ᠎ᠠ ᠭᠠᠴᠠᠭ᠎ᠠ᠂ ᠶᠡᠬᠡᠳᠡᠯ᠎ᠡ ᠣᠢ ᠰᠢᠭᠤᠢ ᠶᠢᠨ ᠲᠠᠯᠠᠪᠠᠢ ᠳᠤ ᠬᠦᠷᠴᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠮᠵᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠠᠬᠠᠮᠠᠳ ᠺᠠᠳ᠋ᠷᠴᠤᠳ ᠪᠠᠶᠠᠷ ᠬᠥᠷ ᠢᠶᠠᠷ ᠪᠢᠯᠬᠠᠵᠤ᠂ ᠲᠤᠬᠠᠢ ᠶᠢᠨ ᠲᠠᠯᠠᠪᠤᠷ ᠤᠨ ᠲᠠᠶᠢᠯᠤᠮᠵᠢ ᠶᠢ ᠨᠠᠷᠢᠨ ᠨᠢᠮᠪᠠᠢ ᠰᠣᠨᠣᠰᠴᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠪᠴᠢᠷᠠᠭᠰᠠᠨ ᠯᠤᠲᠤ ᠶᠡᠭᠡ ᠬᠤᠪᠢᠷᠠᠯᠲᠠ ᠶᠢ ᠪᠡᠶᠡᠴᠢᠯᠡᠨ ᠣᠶᠢᠯᠠᠭᠠᠬᠤ ᠶᠢᠨ ᠬᠠᠮᠲᠤ᠂ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠦᠯᠡᠳᠡᠪᠦᠷᠢ ᠢᠯᠴᠢ ᠪᠠᠨ ᠲᠠᠰᠤᠷᠠᠯᠲᠠ ᠥᠬᠡᠶ ᠪᠠᠳᠠᠷᠠᠭᠤᠯᠤᠨ᠂ ᠬᠦᠴᠦᠨ ᠴᠢᠳᠠᠯ ᠢᠶᠠᠨ ᠡᠷᠭᠦᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ ᠭᠡᠵᠦ ᠢᠯᠡᠳᠬᠡᠪᠡ᠃    ᠰᠢᠨᠵᠢᠯᠡᠨ ᠪᠠᠶᠢᠴᠠᠭᠠᠬᠤ ᠳᠤᠮᠳᠠ᠂ ᠬᠤᠰᠢᠭᠤᠨ ᠤ ᠤᠳᠤᠷᠢᠳᠤᠯᠭ᠎ᠠ ᠨᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠨᠢ ᠠᠬᠠᠮᠠᠳ ᠤᠳᠤᠷᠢᠳᠤᠯᠭ᠎ᠠ᠂ ᠠᠬᠠᠮᠠᠳ ᠺᠠᠳ᠋ᠷᠴᠤᠳ ᠤᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠂ ᠠᠬᠠᠮᠠᠳ ᠤᠳᠤᠷᠢᠳᠤᠯᠭ᠎ᠠ ᠨᠠᠷ ᠣᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠣᠯᠠᠨ ᠡᠷᠬᠢᠮ ᠨᠠᠨᠳᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ ᠭᠡᠵᠡᠢ᠃    ᠬᠤᠰᠢᠭᠤᠨ ᠤ ᠤᠳᠤᠷᠢᠳᠤᠯᠭ᠎ᠠ ᠲᠦᠩ ᠬᠤᠩ ᠶᠠᠨ᠂ ᠹᠧᠩ ᠵᠢᠶᠠᠨ ᠵᠦᠩ᠂ ᠵᠢᠶᠠᠩ ᠪᠧᠢ ᠫᠢᠩ᠂ ᠸᠠᠩ ᠵᠢᠶᠠ ᠵᠢᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号