ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠤᠶᠢᠯᠠᠭᠠᠭᠰᠠᠨ | ᠢᠢᠡᠷ᠂ ᠡᠨᠡ ᠵᠢᠯ ᠠᠴᠠ ᠨᠠᠭᠠᠰᠢ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ 5.499 | ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠪᠠᠭᠤᠯᠭᠠᠵᠤ᠂ ᠮᠠᠨ ᠤ ᠤᠷᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ | ᠪᠠ ᠤᠷᠴᠢᠨ ᠲᠤᠭᠤᠷᠢᠨ ᠢ ᠬᠠᠮᠠᠭᠠᠯᠠᠬᠤ ᠬᠦᠷᠢᠶᠡᠨ ᠳᠠᠬᠢ 21 ᠲᠦᠷᠦᠯ ᠵᠦᠢᠯ ᠢ ᠳᠡᠮᠵᠢᠪᠡ᠃ | ᠡᠨᠡ ᠪᠤᠯ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠮᠠᠨ ᠤ | ᠤᠷᠤᠨ ᠤ ᠬᠤᠳᠠ ᠪᠠᠯᠭᠠᠰᠤ ᠢᠢᠨ ᠤᠷᠴᠢᠨ ᠲᠤᠭᠤᠷᠢᠨ ᠤ ᠰᠠᠭᠤᠷᠢ ᠲᠦᠬᠦᠭᠡᠷᠦᠮᠵᠢ ᠶᠢᠨ ᠳᠤᠳᠠᠭᠤᠳᠠᠯ ᠢ | ᠱᠠᠯᠠᠪᠳᠠᠨ ᠨᠦᠬᠦᠪᠤᠷᠢᠯᠡᠵᠦ᠂ ᠭᠤᠤᠯᠳᠠᠯᠭ᠎ᠠ ᠲᠠᠢ ᠠᠵᠢᠯ ᠲᠦᠷᠦᠯ ᠪᠠ ᠠᠵᠤ ᠠᠬᠤᠶᠢᠯᠠᠯ ᠤᠨ ᠡᠨᠧᠷᠬᠢ ᠠᠷᠪᠢᠯᠠᠵᠤ | ᠨᠡᠭᠦᠷᠡᠰᠦᠳᠦ᠋ᠷᠦᠭᠴᠢ ᠢᠢᠨ ᠭᠠᠳᠠᠭᠰᠢᠯᠠᠭᠤᠯᠤᠯᠳᠠ ᠢᠢ ᠪᠠᠭᠠᠰᠬᠠᠬᠤ ᠴᠢᠳᠠᠪᠤᠷᠢ ᠢᠢ ᠳᠡᠭᠡᠭᠰᠢᠯᠡᠭᠦᠯᠬᠦ ᠶᠢᠨ | ᠲᠦᠯᠦᠭᠡ᠂ ᠲᠦᠪ ᠤᠨ ᠲᠦᠰᠤᠪ ᠤᠨ ᠲᠤᠳᠤᠷᠠᠬᠢ ᠲᠦᠷᠦᠯ ᠵᠦᠢᠯ ᠪᠠ ᠤᠯᠤᠰ ᠤᠨ ᠬᠡᠳᠤ ᠤᠷᠳᠤ | ᠬᠤᠭᠤᠴᠠᠭᠠᠨ ᠤ ᠤᠨᠴᠠᠭᠠᠢ ᠵᠢᠭᠡᠯᠡᠯᠭᠡ ᠶᠢᠨ ᠲᠦᠷᠦᠯ ᠵᠦᠢᠯ ᠢ ᠨᠠᠷᠢᠯᠢᠭ ᠵᠤᠬᠢᠶᠠᠨ ᠪᠠᠶᠢᠭᠤᠯᠵᠤ ᠡᠷᠡᠮᠡᠯᠵᠡᠭᠰᠡᠨ ᠤ | ᠦᠷ᠎ᠠ ᠳ᠋ᠦᠩ ᠮᠦᠨ᠃ ᠡᠳᠡᠭᠡᠷ ᠲᠦᠷᠦᠯ ᠵᠦᠢᠯ ᠳᠤ᠂ ᠲᠦᠪ ᠤᠨ ᠲᠦᠰᠤᠪ ᠤᠨ ᠲᠤᠳᠤᠷᠠᠬᠢ ᠪᠡᠯᠡ ᠮᠦᠩᠬᠦ ᠪᠠᠷ | ᠳᠡᠮᠵᠢᠬᠦ ᠪᠤᠬᠢᠷᠳᠦᠯ ᠢ ᠵᠠᠰᠠᠬᠤ ᠲᠦᠷᠦᠯ ᠤᠨ 7 ᠲᠦᠷᠦᠯ ᠵᠦᠢᠯ ᠪᠠ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ | ᠢᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠲᠦᠷᠦᠯ ᠤᠨ 11 ᠲᠦᠷᠦᠯ ᠵᠦᠢᠯ ᠪᠠᠭᠳᠠᠵᠤ᠂ ᠲᠤᠰ ᠲᠤᠰ 2. | 452 ᠳ᠋ᠦᠩᠰᠢᠭᠤᠷ ᠲᠦᠭᠦᠷᠢᠭ ᠪᠠ 1.835 ᠳ᠋ᠦᠩᠰᠢᠭᠤᠷ ᠲᠦᠭᠦᠷᠢᠭ ᠤᠨ ᠨᠦᠬᠦᠪᠤᠷᠢ ᠤᠯᠪᠠ︔ ᠤᠯᠤᠰ ᠤᠨ | ᠬᠡᠳᠤ ᠤᠷᠳᠤ ᠬᠤᠭᠤᠴᠠᠭᠠᠨ ᠤ ᠤᠨᠴᠠᠭᠠᠢ ᠵᠢᠭᠡᠯᠡᠯᠭᠡ ᠶᠢᠨ ᠪᠡᠯᠡ ᠮᠦᠩᠬᠦ ᠪᠠᠷ ᠳᠡᠮᠵᠢᠬᠦ ᠤᠷᠴᠢᠨ ᠲᠤᠭᠤᠷᠢᠨ ᠤ | ᠰᠠᠭᠤᠷᠢ ᠲᠦᠬᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠲᠦᠷᠦᠯ ᠤᠨ 2 ᠲᠦᠷᠦᠯ ᠵᠦᠢᠯ ᠪᠠ | ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ | ᠪᠠᠭᠠᠰᠬᠠᠬᠤ ᠲᠦᠷᠦᠯ ᠤᠨ 1 ᠲᠦᠷᠦᠯ ᠵᠦᠢᠯ ᠪᠠᠭᠳᠠᠵᠤ᠂ ᠲᠤᠰ ᠲᠤᠰ 5620 ᠲᠦᠮᠡᠨ ᠲᠦᠭᠦᠷᠢᠭ ᠪᠠ 6500 | ᠲᠦᠭᠦᠷᠢᠭ ᠤᠨ ᠨᠦᠬᠦᠪᠤᠷᠢ ᠤᠯᠵᠠᠢ᠃ ᠨᠦᠬᠦᠪᠤᠷᠢ ᠶᠢᠨ ᠶᠡᠷᠦᠩᠬᠡᠢ ᠬᠡᠮᠵᠢᠶ᠎ᠠ ᠶᠢᠨ ᠬᠤᠪᠢ ᠳᠤ 2023 | ᠤᠨ ᠤ ᠬᠢ ᠠᠴᠠ 2.319 ᠳ᠋ᠦᠩᠰᠢᠭᠤᠷ ᠲᠦᠭᠦᠷᠢᠭ ᠨᠡᠮᠡᠭᠳᠡᠨ᠂ 72.9% ᠪᠠᠷ ᠨᠡᠮᠡᠭᠳᠡᠵᠤ᠂ ᠵᠠᠰᠠᠭ ᠤᠨ | ᠤᠷᠳᠤᠨ ᠵᠢᠴᠢ ᠨᠡᠶᠢᠭᠡᠮ ᠤᠨ ᠬᠦᠷᠦᠩᠭᠡ ᠶᠢᠨ ᠪᠡᠯᠡ ᠤᠷᠤᠭᠤᠯᠤᠯᠳᠠ ᠶᠢ 25.4173 ᠳ᠋ᠦᠩᠰᠢᠭᠤᠷ ᠲᠦᠭᠦᠷᠢᠭ | ᠳᠠᠶᠢᠴᠢᠯᠠᠵᠠᠢ᠃ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠡᠳᠡᠭᠡᠷ | ᠪᠡᠯᠡ ᠮᠦᠩᠬᠦ ᠶᠢ ᠨᠢᠭᠡᠨᠳᠡ ᠲᠦᠯᠦᠪᠯᠡᠭᠡ ᠶᠤᠰᠤᠭᠠᠷ ᠪᠦᠬᠦᠨ ᠢ ᠡᠯ᠎ᠠ ᠠᠶᠢᠮᠠᠭ ᠬᠤᠳᠠ ᠳᠤ ᠪᠠᠭᠤᠯᠭᠠᠪᠠ᠃ | |