ᠴᠠᠶᠢᠳᠠᠮ ᠨᠤᠲᠤᠭ ᠤᠨ ᠤᠷᠠᠯᠢᠬᠴᠢᠨ ᠮᠠᠭᠰᠤᠷᠵᠠᠪ
ᠨᠡᠶᠢᠲᠡᠯᠡᠭᠰᠡᠨ ᠴᠠᠭ᠄
2024/9/13
   ᠠᠷᠤ ᠬᠤᠷᠴᠢᠨ ᠬᠤᠰᠢᠭᠤᠨ ᠤ ᠱᠣᠣ ᠪᠠᠯᠭᠠᠰᠤ ᠶᠢᠨ ᠴᠠᠶᠢᠳᠠᠮ ᠭᠠᠴᠠᠭ᠎ᠠ ᠪᠠᠷ ᠨᠤᠲᠤᠭ ᠲᠠᠢ ᠠᠷᠠᠳ ᠤᠨ ᠤᠷᠠᠯᠢᠭᠴᠢᠨ ᠮᠠᠭᠰᠤᠷᠵᠠᠪ ᠬᠠᠷᠠᠬᠠᠨ ᠪᠠᠭ᠎ᠠ ᠠᠴᠠ ᠪᠠᠨ ᠪᠢᠴᠢᠭ ᠰᠣᠶᠣᠯ ᠰᠤᠷᠬᠤ ᠳᠤᠷᠠᠲᠠᠢ ᠪᠥᠭᠡᠳ ᠳᠠᠭᠤᠤ ᠤᠷᠠᠯᠢᠭ ᠲᠣ ᠣᠨᠴᠠ ᠠᠪᠢᠶᠠᠰᠯᠢᠭ ᠬᠡᠦᠬᠡᠳ ᠪᠠᠶᠢᠵᠠᠢ᠃   ᠲᠡᠷᠡ ᠠᠷᠪᠠᠭᠠᠳ ᠨᠠᠰᠣᠨ ᠠᠴᠠ ᠪᠠᠨ ᠡᠬᠢᠯᠡᠨ ᠠᠷᠤ ᠬᠤᠷᠴᠢᠨ ᠬᠤᠰᠢᠭᠤᠨ ᠤ ᠪᠠᠶᠠᠨᠬᠤᠸᠠ ᠪᠠᠯᠭᠠᠰᠤ ᠶᠢᠨ ᠤᠷᠠᠨ ᠰᠠᠶᠢᠬᠠᠨ ᠤ ᠲᠥᠯᠥᠭᠡᠯᠡᠭᠴᠢ ᠶᠢᠨ ᠪᠦᠯᠭᠦᠮ ᠲᠠᠢ ᠬᠠᠮᠲᠤ ᠬᠤᠰᠢᠭᠤᠨ ᠤ ᠬᠠᠷᠢᠭᠤ ᠮᠡᠳᠡᠭᠦᠯᠦᠯᠲᠡ ᠶᠢᠨ ᠳᠣᠬᠯᠠᠯᠳᠠ ᠳᠤ ᠣᠷᠣᠯᠴᠠᠵᠣ᠂ ᠳᠠᠭᠤᠯᠠᠵᠤ ᠪᠥᠵᠢᠭᠯᠡᠬᠦ ᠳᠡᠭᠡᠨ ᠤᠷ᠎ᠠ ᠠᠪᠢᠶᠠᠰᠯᠢᠭ ᠪᠣᠯᠬᠤᠷ ᠦᠵᠡᠭᠴᠢ ᠣᠯᠠᠨ ᠤ ᠪᠠᠭ᠋ᠠᠷᠬᠠᠯ ᠢ ᠲᠠᠲᠠᠵᠤ ᠶᠠᠪᠤᠭᠰᠠᠨ ᠶᠤᠮ᠃   ᠮᠠᠭᠰᠤᠷᠵᠠᠪ ᠠᠮᠢᠳᠤᠷᠠᠯ ᠤᠨ ᠡᠷᠬᠡ ᠪᠠᠷ ᠠᠬ᠎ᠠ ᠪᠡᠷᠭᠡᠨ ᠢᠶᠠᠨ ᠳᠠᠭᠠᠵᠣ᠂ ᠤᠤᠯ ᠤᠨ ᠴᠠᠶᠢᠳᠠᠮ ᠰᠤᠮᠤ ᠶᠢᠨ ᠴᠠᠶᠢᠳᠠᠮ ᠭᠠᠴᠠᠭᠠᠨ ᠳᠤ ᠠᠶᠢᠯ ᠡᠷᠦᠭᠡ ᠪᠣᠰᠬᠠᠵᠤ᠂ ᠬᠤᠶᠠᠷ ᠥᠬᠢᠨ᠂ ᠨᠢᠭᠡ ᠬᠥᠪᠡᠭᠦᠨ ᠢᠶᠠᠨ ᠰᠣᠶᠣᠯ ᠰᠤᠷᠭᠠᠨ ᠬᠥᠮᠦᠵᠢᠯ ᠬᠦᠷᠲᠡᠭᠡᠨ᠂ ᠬᠡᠦᠬᠡᠳ ᠨᠢ ᠶᠡᠭᠡ ᠰᠤᠷᠭᠠᠭᠤᠯᠢ ᠪᠠᠨ ᠲᠡᠭᠦᠰᠬᠡᠭᠡᠳ ᠣᠳᠣ ᠪᠦᠷ ᠤᠯᠤᠰ ᠤᠨ ᠠᠯᠪᠠ ᠬᠠᠭᠠᠵᠤ ᠥᠩᠭᠡ ᠥᠭᠡᠳᠡ ᠲᠠᠢ ᠠᠵᠢᠯᠯᠠᠵᠤ ᠠᠮᠢᠳᠤᠷᠠᠵᠤ ᠶᠠᠪᠤᠨ᠎ᠠ᠃ᠳᠡᠷᠡ ᠵᠠᠯᠠᠭᠤ ᠨᠠᠰᠣᠨ ᠠᠴᠠ ᠪᠠᠨ ᠵᠢᠷᠠᠨ ᠨᠠᠰᠤ ᠭᠦᠷᠳᠡᠯ᠎ᠡ ᠠᠶᠢᠯ ᠬᠤᠳᠡ ᠳᠠᠭᠠᠨ ᠰᠢᠪᠠᠷᠴᠢᠨ᠂ ᠪᠠᠷᠢᠯᠭᠠᠴᠢᠨ᠂ ᠮᠠᠯᠴᠢᠨ ᠵᠡᠷᠭᠡ ᠣᠯᠠᠨ ᠲᠦᠷᠦᠯ ᠤᠨ ᠠᠵᠢᠯ ᠬᠢᠵᠦ᠂ ᠠᠮᠢᠳᠤᠷᠠᠯ ᠤᠨ ᠵᠠᠷᠤᠳᠠᠯ ᠢᠶᠠᠨ ᠰᠶᠢᠳᠪᠦᠷᠢᠯᠡᠨ᠂ ᠠᠶᠢᠯ ᠡᠷᠦᠭᠡ ᠪᠠᠨ ᠥᠭᠡᠳᠡ ᠲᠠᠲᠠᠵᠤ᠂ ᠲᠡᠰᠪᠦᠷᠢ ᠬᠠᠲᠠᠭᠤᠵᠢᠯᠲᠠᠢ ᠠᠵᠢᠯᠯᠠᠵᠤ ᠠᠮᠢᠳᠤᠷᠠᠵᠤ ᠢᠷᠡᠵᠡᠢ᠃ ᠲᠠᠷᠠ ᠬᠡᠳᠦ᠋ᠪᠡᠷ ᠬᠠᠷ᠎ᠠ ᠪᠣᠷᠣ ᠠᠵᠢᠯ ᠬᠢᠵᠦ ᠶᠠᠪᠤᠭᠰᠠᠨ ᠴᠦ ᠦᠨᠳᠦᠰᠦᠲᠡᠨ ᠤ ᠳᠠᠭᠤᠤ ᠤᠷᠠᠯᠢᠭ ᠢᠶᠠᠨ ᠬᠦᠨᠳᠦᠳᠬᠡᠨ ᠳᠡᠭᠡᠳᠤᠯᠡᠵᠦ᠂ ᠳᠠᠭᠤᠤ ᠶᠢᠨ ᠰᠢᠯᠦᠭ ᠪᠢᠴᠢᠬᠦ᠂ ᠳᠠᠭᠤᠤ ᠶᠢᠨ ᠠᠶ᠎ᠠ ᠵᠣᠬᠢᠶᠠᠬᠤ ᠵᠢᠴᠢ ᠤᠰᠠᠳᠴᠤ ᠮᠠᠷᠲᠠᠭᠳᠠᠵᠤ ᠪᠠᠶᠢᠭ᠎ᠠ ᠠᠷᠠᠳ ᠤᠨ ᠳᠠᠭᠤᠤ ᠶᠢ ᠡᠮᠬᠢᠳᠬᠡᠨ ᠴᠤᠭᠯᠠᠭᠤᠯᠬᠤ ᠠᠵᠢᠯ ᠢ ᠳᠠᠰᠣᠷᠠᠯᠳᠠ ᠦᠭᠡᠢ ᠪᠠᠷᠢᠮᠲᠠᠯᠠᠨ ᠬᠢᠵᠦ ᠢᠷᠡᠭᠰᠡᠨ ᠪᠠᠶᠢᠯ᠎ᠠ᠃   ᠲᠠᠷᠠ ︽ᠴᠠᠶᠢᠳᠠᠮ ᠨᠤᠲᠤᠭ ᠮᠢᠨᠢ︾᠂ ︽ᠤᠨᠠᠭ᠎ᠠ ᠶᠢᠨ ᠮᠠᠩᠬ᠎ᠠ︾᠂ ︽ᠨᠤᠲᠤᠭ ᠤᠨ ᠭᠤᠷᠪᠠᠨ ᠰᠢᠲᠦᠭᠡᠨ︾᠂ ︽ᠠᠯᠲᠠᠢ ᠣᠪᠣᠭ᠎ᠠ︾᠂ ︽ᠪᠠᠶᠠᠨᠬᠤᠸᠠ ᠨᠤᠲᠤᠭ ᠮᠢᠨᠢ︾ ᠵᠡᠷᠭᠡ ᠠᠷᠪᠠᠭᠠᠳ ᠳᠠᠭᠤᠤ ᠶᠢᠨ ᠪᠦᠲᠦᠭᠡᠯ ᠲᠠᠢ ᠮᠥᠷᠲᠡᠭᠡᠨ ᠳᠡᠭᠡᠷ᠎ᠡ ᠵᠠᠭᠤᠨ ᠤ ᠵᠢᠷᠠ᠂ ᠳᠠᠯᠠᠭᠠᠳ ᠣᠨ ᠳᠤ ᠮᠠᠷᠲᠠᠭᠳᠠᠵᠤ ᠣᠷᠬᠢᠭᠳᠠᠭᠰᠠᠨ ᠬᠠᠭᠤᠴᠢᠨ ᠵᠣᠬᠢᠶᠠᠯ ᠤᠨ ᠳᠠᠭᠤᠤ ᠢᠢ ᠬᠤᠷᠢᠶᠠᠨ ᠴᠤᠭᠯᠠᠭᠤᠯᠵᠤ᠂ 800 ᠭᠠᠷᠤᠢ ᠳᠠᠭᠤᠤ ᠲᠠᠢ ︽ᠡᠷᠭᠢᠵᠦ ᠰᠠᠨᠠᠭᠳᠠᠬᠤ ᠠᠶᠠᠯᠭᠤ︾ ᠭᠠᠷ ᠪᠢᠴᠢᠮᠡᠯ ᠳᠠᠭᠤᠤ ᠶᠢᠨ ᠲᠡᠭᠦᠪᠦᠷᠢ ᠶᠢ ᠡᠮᠬᠢᠳᠬᠡᠨ ᠨᠠᠶᠢᠷᠠᠭᠤᠯᠵᠤ ᠳᠡᠪᠲᠡᠷᠯᠡᠭᠰᠡᠨ ᠪᠠᠶᠢᠨ᠎ᠠ᠃   ᠳᠡᠷᠡ ᠮᠠᠨᠢ 2014 — 2020 ᠣᠨ ᠪᠤᠯᠳᠠᠯ᠎ᠠ᠂ ᠬᠤᠰᠢᠭᠤ ᠪᠠ ᠬᠤᠳᠠ ᠶᠢᠨ ᠷᠠᠳᠢᠣ᠋ ᠲᠤᠯᠸᠢᠰ ᠬᠤᠷᠢᠶ᠎ᠠ ᠠᠴᠠ ᠶᠠᠪᠤᠭᠳᠠᠭᠤᠯᠤᠭᠰᠠᠨ ᠠᠷᠠᠳ ᠤᠨ ᠳᠠᠭᠤᠤ ᠶᠢᠨ ᠤᠷᠤᠯᠳᠤᠭᠠᠨ ᠮᠥᠷᠦ᠋ᠴᠡᠭᠡᠨ ᠢᠶᠠᠷ ᠤᠷ᠎ᠠ ᠠᠪᠢᠶᠠᠰ ᠢᠶᠠᠨ ᠪᠠᠳᠠᠷᠠᠭᠤᠯᠤᠨ ᠤᠯᠠᠨ ᠰᠠᠶᠢᠬᠠᠨ ᠱᠠᠩᠨᠠᠯ ᠬᠥᠬᠢᠭᠦᠯᠦᠯ ᠢ ᠵᠠᠯᠭᠠᠭ᠎ᠠ ᠪᠠᠷ ᠲᠤᠰᠴᠦ ᠶᠠᠪᠤᠵᠠᠢ᠃   2016 ᠣᠨ ᠳᠤ᠂ ᠮᠠᠭᠰᠤᠷᠵᠠᠪ ᠬᠤᠰᠢᠭᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ︽ᠠᠷᠠᠳ ᠤᠨ ᠳᠠᠭᠤᠤ︾ ᠢᠢᠨ ᠥᠪ ᠤᠯᠠᠮᠵᠢᠯᠠᠭᠴᠢ ᠪᠠᠷ ᠰᠣᠩᠭᠤᠭᠳᠠᠪᠠ᠃   ᠲᠡᠷᠡ ᠪᠠᠷ ᠠᠷᠠᠳ ᠤᠨ ᠳᠠᠭᠤᠤ ᠪᠠᠨ ᠬᠤᠶᠢᠴᠢ ᠦᠶ᠎ᠡ ᠳᠡᠭᠡᠨ ᠥᠪᠯᠡᠨ ᠤᠯᠠᠮᠵᠢᠯᠠᠵᠤ᠂ ᠥᠪ ᠤᠯᠠᠮᠵᠢᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠦᠳᠡᠯᠦᠭᠡ ᠨᠠᠰᠤ ᠪᠠᠨ ᠪᠠᠶᠠᠷ ᠭᠦᠷ ᠲᠠᠢ ᠥᠩᠭᠡᠷᠡᠭᠦᠯᠵᠦ ᠶᠠᠪᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号