ᠳᠤᠮᠳᠠᠳᠤ ᠢᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ | ᠠᠮᠢᠨ ᠰᠤᠳᠠᠰᠤ ᠮᠥᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠢ ᠪᠣᠯᠭᠠᠬᠤ ᠶᠢᠨ | ᠴᠢᠬᠤᠯᠠ ᠡᠬᠢ ᠪᠤᠯᠠᠭ ᠮᠥᠨ᠂ ᠪᠠᠰᠠ ᠴᠤ ᠮᠠᠨ ᠤ ᠳᠡᠯᠡᠬᠡᠢ ᠶᠢᠨ ᠰᠣᠶᠣᠯ ᠤᠨ ᠳᠠᠪᠠᠯᠭᠠᠨ ᠳᠤᠮᠳᠠ ᠯᠠᠪᠳᠠᠭᠤᠨ | ᠵᠤᠭᠰᠤᠬᠤ ᠶᠢᠨ ᠪᠠᠲᠤ ᠰᠠᠭᠤᠷᠢ ᠮᠥᠨ᠃ | — ᠶᠡᠷᠦᠩᠬᠡᠢ ᠱᠦᠵᠢ ᠰᠢ ᠶᠢᠨ ᠫᠢᠩ ᠤᠨ ᠤᠳᠭ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ | ᠶᠠᠷᠢᠶ᠎ᠠ ᠠᠴᠠ | ︵2014 ᠣᠨ ᠤ 10 ᠰᠠᠷ᠎ᠠ ᠶᠢᠨ 15 ᠤ ᠡᠳᠦᠷ︶ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠤᠷᠠᠯᠢᠭ ᠤᠨ | ᠲᠥᠪ ᠲᠠᠬᠢ ᠲᠠᠪᠤᠨ ᠪᠠᠷᠰ ᠤᠨ ᠵᠢᠷᠤᠭ᠂ ᠨᠠᠢᠮᠠᠨ ᠰᠢᠷᠭ᠎ᠠ᠂ ᠠᠽᠢᠶ᠎ᠠ ᠶᠢᠨ ᠠᠷᠰᠯᠠᠨ᠂ ᠵᠠᠭᠤᠨ ᠰᠠᠮᠵᠠ ᠶᠢᠨ ᠵᠢᠷᠤᠭ ᠁ | ᠵᠡᠷᠭᠡ ᠵᠢᠷᠤᠭ ᠤᠳ ᠢ ᠦᠵᠡᠬᠦ ᠳᠤ ᠵᠢᠷᠤᠭ ᠲᠡᠳᠤᠢ ᠯᠠ ᠪᠢᠰᠢ ᠤᠷᠠᠯᠢᠬ ᠤᠨ ᠪᠦᠲᠦᠭᠡᠯ ᠳᠠᠬᠢ ᠵᠢᠷᠤᠬᠳᠤ | ᠠᠮᠢᠲᠠᠨ ᠨᠢ ᠬᠥᠳᠡᠯᠥᠯ ᠪᠠᠷᠢᠯ ᠲᠠᠢ ᠰᠢᠬ ᠠᠮᠢᠳᠤ ᠳᠦᠷᠰᠦᠯᠢᠭ ᠪᠤᠯᠬᠤᠷ ᠦᠵᠡᠭᠴᠢᠳ ᠭᠠᠶᠢᠬᠠᠨ ᠪᠢᠰᠢᠷᠡᠬᠦ ᠦᠭᠡᠢ | ᠪᠠᠶᠢᠬᠤ ᠶᠢᠨ ᠠᠷᠭ᠎ᠠ ᠦᠭᠡᠢ᠃ | ᠡᠨᠡ ᠪᠣᠯ ᠥᠪᠡᠷᠮᠢᠴᠡ ᠤᠨᠴᠠᠭᠠᠢ ᠭᠠᠷ ᠤᠷᠠᠯᠠᠯ ᠤᠨ ᠪᠦᠲᠦᠭᠡᠯ ᠪᠣᠯᠤᠨ᠎ᠠ᠂ ᠳᠠᠷᠤᠢ ᠴᠠᠬᠠᠷ ᠰᠤᠷ ᠬᠠᠳᠬᠤᠮᠠᠯ | ᠪᠤᠯᠬᠤ ᠶᠤᠮ᠃ ᠤᠷᠠᠯᠠᠭᠴᠢ ᠨᠢ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠤᠷᠠᠨ ᠳᠠᠷᠬᠠᠨ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠴᠠᠬᠠᠷ ᠰᠤᠷ ᠬᠠᠳᠬᠤᠮᠠᠯ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠢᠶᠤᠤ ᠵᠠᠨ ᠬᠦᠶ ᠪᠣᠯᠤᠨ᠎ᠠ᠃ | ︽ᠴᠠᠬᠠᠷ ᠰᠤᠷ ᠬᠠᠳᠬᠤᠮᠠᠯ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠪᠣᠯᠣᠨ᠎ᠠ᠂ ᠲᠠᠪᠤᠨ | ᠬᠤᠰᠢᠭᠤ ᠮᠠᠯ ᠤᠨ ᠠᠷᠠᠰᠤ ᠰᠤᠷ ᠢᠶᠠᠷ ᠲᠦᠭᠦᠬᠡᠢ ᠮᠠᠲ᠋ᠧᠷᠢᠶᠠᠯ ᠪᠣᠯᠭᠠᠵᠤ᠂ ᠤᠷᠠᠨ ᠡᠪᠯᠢᠭ ᠵᠡᠭᠦᠦ ᠭᠦᠶᠦᠯᠭᠡᠬᠦ | ᠠᠷᠭ᠎ᠠ ᠪᠠ ᠥᠪᠡᠷᠮᠢᠴᠡ ᠰᠡᠳᠭᠢᠮᠵᠢ ᠪᠠᠷ ᠳᠠᠮᠵᠢᠨ ᠥᠪᠡᠷᠮᠢᠴᠡ ᠣᠨᠴᠠᠯᠢᠭ ᠲᠠᠢ ᠬᠠᠳᠬᠤᠬᠤ ᠮᠡᠷᠭᠡᠵᠢᠯ ᠢᠶᠠᠷ | ᠰᠡᠮᠡᠳᠡᠰᠦ ᠲᠤᠤᠷ ᠳᠡᠭᠡᠷ᠎ᠡ ᠪᠠᠯᠠᠷ ᠡᠷᠲᠡᠨ ᠤ ᠲᠣᠮᠣ ᠠᠷᠢᠶᠠᠲᠠᠨ ᠤ ᠦᠯᠢᠭᠡᠷ ᠢ ᠬᠠᠳᠬᠤᠨ ᠤᠷᠠᠯᠠᠵᠤ᠂ ᠬᠥᠮᠥᠰ ᠲᠤ | ᠰᠣᠨᠢᠷᠬᠠᠭᠤᠯᠬᠤ ᠪᠤᠶᠤ ᠠᠮᠢᠳᠤᠷᠠᠯ ᠤᠨ ᠬᠡᠷᠡᠭᠰᠡᠯ ᠬᠢᠳᠡᠭ︾ ᠭᠡᠵᠦ ᠰᠢᠶᠣᠤ ᠵᠠᠨ ᠬᠦᠶ ᠲᠠᠨᠢᠯᠴᠠᠭᠤᠯᠤᠯ᠎ᠠ᠃ | 2011 ᠣᠨ ᠳᠤ ᠴᠠᠬᠠᠷ ᠰᠤᠷ ᠬᠠᠳᠬᠤᠮᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠣᠯᠪᠠ᠃ 2021 ᠣᠨ ᠳᠤ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠣᠯᠵᠠᠢ᠃ | ᠥᠪᠡᠷᠮᠢᠴᠠ ᠤᠨᠴᠠᠯᠢᠬᠳᠤ ᠦᠪᠯᠡᠯ ᠤᠯᠠᠮᠵᠢᠯᠠᠯ | ︽ᠪᠠᠭᠰᠢ ᠲᠠᠨᠢᠬᠤ ᠦᠭᠡᠢ ᠪᠤᠯ ᠮᠡᠷᠭᠡᠵᠢᠯ ᠨᠡᠮᠡᠭᠳᠡᠬᠦ ᠦᠭᠡᠢ︾ ᠭᠡᠰᠡᠨ ᠠᠷᠠᠳ ᠤᠨ ᠬᠡᠯᠡᠯᠭᠡ ᠴᠠᠬᠠᠷ ᠰᠤᠷ | ᠬᠠᠳᠬᠤᠮᠠᠯ ᠤᠨ ᠤᠯᠠᠮᠵᠢᠯᠠᠯᠲᠤ ᠤᠷ᠎ᠠ ᠮᠡᠷᠭᠡᠵᠢᠯ ᠤᠨ ᠤᠯᠠᠮᠵᠢᠯᠠᠭᠳᠠᠵᠤ ᠢᠷᠡᠭᠰᠡᠨ ᠨᠢᠭᠤᠴᠠ ᠶᠢ ᠬᠡᠯᠡᠵᠦ | ᠭᠠᠷᠭᠠᠭᠰᠠᠨ ᠪᠠᠶᠢᠳᠠᠭ᠃ | ᠰᠤᠷ ᠬᠠᠳᠬᠤᠮᠠᠯ 800 ᠭᠠᠷᠤᠢ ᠵᠢᠯ ᠤᠨ ᠲᠡᠦᠬᠡ ᠲᠠᠢ ᠪᠤᠯᠵᠤ᠂ ᠮᠠᠨ ᠤ ᠤᠯᠤᠰ ᠤᠨ ᠥᠪᠥᠷ ᠮᠣᠩᠭᠤᠯ ᠤᠨ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠪᠡᠭᠡᠵᠢᠩ ᠬᠤᠲᠠ ᠵᠡᠷᠭᠡ ᠭᠠᠵᠠᠷ ᠪᠠ | ᠮᠣᠩᠭᠤᠯ ᠤᠯᠤᠰ ᠲᠤ ᠲᠠᠷᠬᠠᠵᠤ ᠪᠠᠶᠢᠨ᠎ᠠ᠃ | ︽ᠮᠢᠨᠤ ᠠᠪᠤ ᠳᠤᠮᠳᠠᠳᠤ ᠤᠯᠤᠰ ᠤᠨ ᠭᠠᠳᠠᠭᠠᠳᠤ ᠳᠤ ᠬᠠᠨᠳᠤᠭᠤᠯᠤᠭᠰᠠᠨ ᠪᠠᠷᠢᠯᠭ᠎ᠠ ᠶᠢᠨ ᠺᠣᠮᠫᠠᠨᠢ ᠳᠤ | ᠠᠵᠢᠯᠯᠠᠵᠤ᠂ ᠪᠡᠭᠡᠵᠢᠩ ᠳᠤ ᠨᠡᠯᠢᠶᠡᠳ ᠨᠡᠷ᠎ᠡ ᠲᠠᠢ ᠤᠷᠠᠨ ᠳᠠᠷᠬᠠᠨ ᠪᠠᠶᠢᠵᠠᠢ᠃ 1956 ᠣᠨ ᠳᠤ ᠲᠡᠷᠡ | ᠭᠠᠳᠠᠭᠠᠳᠤ ᠶᠢ ᠲᠤᠰᠠᠯᠠᠬᠤ ᠲᠤᠰᠬᠠᠶ ᠮᠡᠷᠭᠡᠵᠢᠯᠲᠡᠨ ᠤ ᠬᠤᠪᠢ ᠪᠠᠷ ᠮᠣᠩᠭᠤᠯ ᠤᠯᠤᠰ ᠤᠨ ᠤᠯᠠᠭᠠᠨᠪᠠᠭᠠᠲᠤᠷ ᠲᠤ | ᠤᠴᠢᠭᠠᠳ ᠰᠤᠷ ᠬᠠᠳᠬᠤᠮᠠᠯ ᠤᠨ ᠶᠡᠭᠡ ᠳᠠᠷᠬᠠᠨ ᠰᠤᠷᠭᠠᠯᠲᠤ ᠶᠢ ᠲᠠᠨᠢᠪᠠ᠃ ᠲᠡᠷᠡ ᠦᠶ᠎ᠡ ᠳᠤ ᠰᠤᠷ | ᠬᠠᠳᠬᠤᠮᠠᠯ ᠤᠨ ᠤᠷ᠎ᠠ ᠮᠡᠷᠭᠡᠵᠢᠯ ᠢ ᠬᠠᠷᠢ ᠶᠢᠨ ᠬᠥᠮᠥᠨ ᠳᠤ ᠤᠯᠠᠮᠵᠢᠯᠠᠳᠠᠭ ᠦᠭᠡᠢ ᠪᠠᠶᠢᠵᠠᠢ᠂ ᠭᠡᠪᠡᠴᠦ ᠮᠢᠨᠤ ᠠᠪᠤ | ᠡᠨᠡ ᠲᠠᠯ᠎ᠠ ᠪᠠᠷ ᠣᠨᠴᠠᠭᠠᠢ ᠤᠷ᠎ᠠ ᠠᠪᠢᠶᠠᠰ ᠲᠠᠢ ᠪᠤᠯᠬᠤᠷ ᠰᠤᠷᠭᠠᠯᠲᠤ ᠡᠨᠡ ᠬᠦ ᠤᠷ᠎ᠠ ᠮᠡᠷᠭᠡᠵᠢᠯ ᠢᠶᠠᠨ ᠵᠢᠭᠠᠵᠤ | ᠥᠭᠴᠡᠢ︾ ᠭᠡᠵᠦ ᠰᠢᠶᠤᠤ ᠵᠠᠨ ᠬᠦᠶ ᠶᠠᠷᠢᠵᠤ ᠪᠠᠶᠢᠯ᠎ᠠ᠃ | |