ᠯᠢᠦ ᠭᠦᠸᠧ ᠵᠦᠩ ᠥᠪᠥᠷ ᠮᠣᠩᠭᠤᠯ ᠳᠤ ᠪᠠᠶᠢᠴᠠᠭᠠᠨ ᠰᠤᠳᠤᠯᠬᠤ ᠳᠠᠭᠠᠨ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠤᠭᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠥ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠬᠡᠷᠡᠭᠳᠡᠢ ᠬᠡᠵᠥ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/9/13
    ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠶ ᠰᠠᠶᠢᠳ ᠯᠢᠦ ᠭᠦᠸᠧ ᠵᠥᠩ 10 ᠠᠴᠠ 11 ᠤ ᠡᠳᠦᠷ ᠪᠣᠯᠲᠠᠯ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠮᠤᠷ ᠤᠨ ᠠᠮᠤ ᠪᠤᠳᠠᠭ᠎ᠠ ᠵᠡᠷᠭᠡ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠵᠤ᠂ ᠠᠵᠤ ᠦᠢᠯᠡᠰ ᠪᠣᠯᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃   ᠯᠢᠦ ᠭᠦᠸᠧ ᠵᠦᠩ ᠤᠷᠢᠳ ᠬᠤᠵᠢᠳ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ᠂ ᠰᠠᠶᠢᠬᠠᠨ ᠲᠣᠭᠤᠷᠢᠭ ᠲᠤ ᠬᠦᠷᠴᠦ᠂ ᠡᠷᠳᠡᠨᠢ ᠰᠢᠰᠢ ᠵᠡᠷᠭᠡ ᠨᠠᠮᠤᠷ ᠤᠨ ᠠᠮᠤ ᠪᠤᠳᠠᠭᠠᠨ ᠤ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠤᠳᠤ ᠪᠦᠬᠦ ᠤᠯᠤᠰ ᠤᠨ ᠦᠷᠬᠡᠨ ᠬᠡᠪᠴᠢᠶᠡᠨ ᠤ ᠨᠠᠮᠤᠷ ᠤᠨ ᠬᠤᠷᠢᠶᠠᠯᠲᠠ ᠪᠣᠯᠲᠠᠯ᠎ᠠ ᠠᠷᠠᠢ ᠨᠢᠭᠡ ᠰᠠᠷ᠎ᠠ ᠶᠢᠨ ᠬᠤᠭᠤᠴᠠᠭ᠎ᠠ ᠦᠬᠡᠢ ᠪᠠᠶᠢᠨ᠎ᠠ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠤᠯᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠤᠨᠠᠯᠳᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠭᠠᠬᠤ ᠪᠠᠨ ᠴᠢᠩᠭᠠᠳᠬᠠᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠶᠢ ᠪᠠᠲᠤᠯᠠᠬᠤ ᠬᠡᠷᠡᠭᠲᠡᠢ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠲᠤᠬᠠᠢ ᠵᠠᠳᠠᠯᠤᠯᠲᠠ ᠶᠢ ᠴᠢᠩᠭᠠᠳᠬᠠᠵᠤ᠂ ᠬᠤᠳᠠᠯᠳᠤᠨ ᠠᠪᠴᠤ ᠨᠥᠭᠡᠴᠡᠯᠡᠬᠦ ᠲᠦᠷᠦ ᠶᠢᠨ ᠪᠤᠳᠤᠯᠭ᠎ᠠ ᠲᠥᠰᠦᠯ ᠢ ᠡᠷᠲᠡᠬᠡᠨ ᠰᠤᠳᠤᠯᠤᠨ ᠲᠣᠭᠲᠠᠭᠠᠵᠤ᠂ ᠤᠨᠠᠯᠳᠠ ᠶᠢ ᠨᠡᠮᠡᠭᠳᠡᠭᠦᠯᠬᠦ ᠮᠥᠷᠲᠡᠭᠡᠨ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ᠂ ᠦᠷ᠎ᠡ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠶᠢᠨ ᠪᠡᠯᠡᠳᠭᠡᠯ ᠢ ᠰᠠᠶᠢᠲᠤᠷ ᠬᠢᠬᠦ ᠬᠡᠷᠡᠭᠲᠡᠶ᠃ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠠᠵᠢᠯᠯᠠᠭᠠᠠ ᠪᠠ ᠬᠠᠮᠢᠶᠠᠷᠤᠯᠳᠠ ᠬᠠᠮᠠᠭᠠᠯᠠᠯᠳᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠵᠡᠷᠭᠡ ᠲᠡᠷᠢᠭᠦᠨ ᠤ ᠠᠷᠭ᠎ᠠ ᠪᠠᠷᠢᠯ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠪᠣᠷᠲᠣᠭᠤᠷ ᠠᠷᠪᠢᠯᠠᠬᠤ ᠪᠠ ᠤᠨᠠᠯᠲᠠ ᠶᠢ ᠨᠡᠮᠡᠭᠳᠡᠬᠦᠯᠵᠥ ᠦᠷ᠎ᠡ ᠠᠰᠢᠭ ᠢ ᠨᠡᠮᠡᠭᠳᠡᠭᠦᠯᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠨ᠎ᠠ᠃ ᠯᠢᠦ ᠭᠦᠸᠧ ᠵᠦᠩ ᠣᠶᠤᠨᠴᠢ ᠮᠠᠯᠵᠢᠯ ᠤᠨ ᠲᠠᠯᠠᠪᠠᠢ᠂ ᠢᠳᠡᠰᠢᠨ ᠨᠣᠭᠤᠭ᠎ᠠ᠂ ᠲᠥᠮᠥᠰᠥ ᠪᠣᠯᠤᠨ ᠬᠢᠲᠠᠳ ᠡᠪᠡᠰᠦᠨ ᠡᠮ ᠲᠠᠷᠢᠬᠤ ᠰᠠᠭᠤᠷᠢᠨ ᠵᠢᠴᠢ ᠡᠳ᠋ᠰᠢᠭᠦᠯᠬᠦ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠳᠤ ᠬᠦᠷᠴᠦ᠂ ᠰᠦ ᠶᠢᠨ ᠦᠢᠯᠡᠰ᠂ ᠢᠳᠡᠰᠢᠨ ᠨᠣᠭᠤᠭ᠎ᠠ᠂ ᠲᠡᠵᠢᠭᠡᠯ ᠡᠪᠡᠰᠦ᠂ ᠬᠢᠲᠠᠳ ᠡᠪᠡᠰᠦᠨ ᠡᠮ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠴᠢᠬᠤᠯᠠ ᠠᠷᠭ᠎ᠠ ᠬᠡᠮᠵᠢᠶ᠎ᠡ ᠮᠥᠨ᠃ ᠰᠠᠭᠠᠯᠢ ᠶᠢᠨ ᠦᠨᠢᠶ᠎ᠡ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠳᠤ ᠴᠢᠭᠯᠡᠭᠦᠯᠦᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷᠳᠡᠯ ᠢ ᠰᠢᠢᠳᠪᠦᠷᠢᠯᠡᠬᠦ ᠳᠡᠮᠵᠢᠯᠭᠡ ᠪᠠᠨ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠬᠠᠪᠰᠤᠷᠤᠨ ᠬᠦᠴᠢᠷ ᠢ ᠳᠤᠭᠤᠯᠤᠭᠤᠯᠬᠤ ᠪᠠᠷ ᠴᠢᠷᠮᠠᠶᠢᠬᠤ ᠬᠡᠷᠡᠭᠲᠡᠶ᠃ ᠰᠦ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠴᠠᠭᠠᠨ ᠢᠳᠡᠭᠡᠨ ᠤ ᠶᠠᠰᠤ ᠴᠢᠨᠠᠷ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠪᠡᠰᠦᠨ ᠦᠷ᠎ᠡ ᠶᠢ ᠰᠤᠳᠤᠯᠤᠨ ᠨᠡᠭᠡᠭᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠤᠰ ᠤᠨ ᠪᠠᠶᠢᠳᠠᠯ ᠪᠠ ᠭᠠᠵᠠᠷ ᠣᠷᠣᠨ ᠤ ᠪᠠᠶᠢᠳᠠᠯ ᠳᠤ ᠨᠡᠶᠢᠴᠡᠬᠦ ᠨᠡᠩ ᠤᠯᠠᠨ ᠰᠢᠯᠢᠳᠡᠭ ᠡᠭᠦᠯᠳᠡᠷ ᠢ ᠪᠤᠶᠢᠵᠢᠭᠤᠯᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠵᠣᠬᠢᠴᠠᠭᠤᠯᠤᠨ᠂ ᠣᠨᠴᠠᠯᠢᠭ ᠲᠠᠢ ᠤᠶᠠᠯᠳᠤᠭᠤᠯᠤᠨ ᠠᠷᠭ᠎ᠠ ᠤᠬᠠᠭᠠᠨ ᠭᠠᠷᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠢᠳᠡᠪᠬᠢᠲᠡᠶ ᠪᠠᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠲᠠᠷᠢᠶᠠᠴᠢᠳ ᠲᠠᠢ ᠬᠤᠯᠪᠣᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠪᠣᠯᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ ᠬᠥᠮᠦᠨ ᠠᠮᠠ ᠶᠢ ᠪᠦᠷᠬᠦᠭᠰᠡᠨ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠬᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠪᠠ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ︵ᠰᠢᠨᠬᠤᠸᠠ ᠬᠤᠷᠢᠶ᠎ᠠ ᠶᠢᠨ ᠬᠥᠬᠡᠬᠤᠲᠠ ᠶᠢᠨ 9 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号