ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ ︽ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠤᠯᠤᠰ ᠳᠦᠷᠦ ᠪᠠᠷ ᠴᠡᠷᠢᠭ ᠪᠠᠶᠢᠭᠤᠯᠬᠤ ᠳᠤᠬᠠᠢ ᠴᠢᠬᠤᠯᠠ ᠦᠬᠦᠯᠡᠯᠳᠡ ᠶᠢᠨ ᠰᠤᠩᠭᠤᠮᠠᠯ︾ ᠢ ᠪᠦᠬᠦ ᠴᠡᠷᠢᠭ ᠲᠤ ᠳᠠᠷᠤᠮᠠᠯᠯᠠᠨ ᠳᠠᠷᠬᠠᠭᠠᠪᠠ
ᠨᠡᠶᠢᠲᠡᠯᠡᠭᠰᠡᠨ ᠴᠠᠭ᠄
2024/9/13
   ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠳᠦᠷᠦ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠤᠬᠠᠭᠤᠯᠵᠥ ᠳᠤᠭᠤᠰᠢᠯᠠᠭᠤᠯᠵᠥ᠂ ᠳᠡᠳ᠋ ᠬᠤᠷᠠᠩᠳᠠ ᠠᠴᠠ ᠳᠡᠬᠡᠭᠰᠢᠬᠢ ᠤᠹᠢᠼᠤᠷ ᠢ ᠬᠠᠪᠰᠤᠷᠤᠨ ᠰᠢᠨ᠎ᠡ ᠴᠠᠬ ᠦᠶ᠎ᠡ ᠶᠢᠨ ᠤᠯᠤᠰ ᠳᠦᠷᠦ ᠪᠠᠷ ᠴᠡᠷᠢᠭ ᠪᠠᠶᠢᠭᠤᠯᠬᠤ ᠳᠤᠬᠠᠢ ᠳᠡᠷᠢᠬᠦᠯᠡᠭᠴᠢ ᠰᠢ ᠶᠢᠨ ᠫᠢᠩ ᠤᠨ ᠴᠢᠬᠤᠯᠠ ᠦᠬᠦᠯᠡᠯᠳᠡ ᠶᠢ ᠪᠦᠬᠦ ᠳᠠᠯ᠎ᠠ ᠪᠠᠷ ᠤᠨᠤᠪᠴᠢᠳᠠᠢ ᠰᠤᠷᠤᠯᠴᠠᠨ ᠦᠢᠯᠠᠭᠠᠵᠥ᠂ ᠰᠢᠨ᠎ᠡ ᠴᠠᠬ ᠦᠶ᠎ᠡ ᠶᠢᠨ ᠤᠯᠤᠰ ᠳᠦᠷᠦ ᠪᠠᠷ ᠴᠡᠷᠢᠭ ᠪᠠᠶᠢᠭᠤᠯᠬᠤ ᠠᠷᠭ᠎ᠠ ᠪᠤᠳᠤᠯᠭ᠎ᠠ ᠶᠢ ᠬᠦᠨᠵᠡᠬᠡᠢ ᠦᠢᠯᠠᠭᠠᠨ᠂ ᠰᠢᠨ᠎ᠡ ᠠᠶᠠᠨ ᠳᠤ ᠤᠯᠤᠰ ᠳᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠤᠯᠤᠰ ᠳᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢ ᠴᠢᠩᠭᠠᠳᠬᠠᠬᠤ ᠶᠢᠨ ᠳᠦᠯᠦᠬᠡ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠳᠦᠷᠦ ᠶᠢᠨ ᠠᠵᠢᠯ ᠤᠨ ᠬᠡᠯᠳᠡᠰ ︽ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠤᠯᠤᠰ ᠳᠦᠷᠦ ᠪᠠᠷ ᠴᠡᠷᠢᠭ ᠪᠠᠶᠢᠭᠤᠯᠬᠤ ᠳᠤᠬᠠᠢ ᠴᠢᠬᠤᠯᠠ ᠦᠬᠦᠯᠡᠯᠳᠡ ᠶᠢᠨ ᠰᠤᠩᠭᠤᠮᠠᠯ︾ ︵ᠳᠤᠷᠤᠬᠰᠢ ︽ᠰᠤᠩᠭᠤᠮᠠᠯ︾ ᠬᠡᠵᠥ ᠳᠦᠬᠦᠮᠴᠢᠯᠡᠨ᠎ᠡ︶ ᠢ ᠵᠤᠬᠢᠶᠠᠨ ᠪᠠᠶᠢᠭᠤᠯᠵᠥ ᠨᠠᠶᠢᠷᠠᠭᠤᠯᠤᠨ ᠬᠡᠪᠯᠡᠬᠦᠯᠵᠥ᠂ ᠳᠦᠷᠦᠬᠦᠬᠡᠨ ᠵᠢᠩᠬᠢᠨᠢ ᠪᠠᠷ ᠬᠡᠪᠯᠡᠬᠦᠯᠦᠨ ᠳᠠᠷᠬᠠᠭᠠᠪᠠ᠃   ︽ᠰᠤᠩᠭᠤᠮᠠᠯ︾ ᠨᠢ ᠰᠢ ᠶᠢᠨ ᠫᠢᠩ ᠨᠦᠬᠦᠷ ᠤᠨ ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠳᠦᠷᠦ ᠶᠢᠨ ᠠᠵᠢᠯ ᠤᠨ ᠬᠤᠷᠠᠯ ᠳᠡᠬᠡᠷᠡᠬᠢ ᠶᠠᠷᠢᠶ᠎ᠠ ᠪᠠᠷ ᠳᠦᠷᠦᠬᠦᠦ ᠵᠤᠬᠢᠶᠠᠯ ᠪᠤᠯᠭᠠᠵᠥ᠂ ᠪᠤᠰᠤᠳ ᠡᠬᠡ ᠪᠢᠴᠢᠭ ᠢ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠬᠰᠠᠭᠠᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢ ᠶᠢᠨ ᠫᠢᠩ ᠨᠦᠬᠦᠷ ᠤᠨ ᠤᠯᠤᠰ ᠳᠦᠷᠦ ᠪᠠᠷ ᠴᠡᠷᠢᠭ ᠪᠠᠶᠢᠭᠤᠯᠬᠤ ᠳᠤᠬᠠᠢ 89 ᠵᠤᠬᠢᠶᠠᠯ ᠢ ᠤᠷᠤᠭᠤᠯᠵᠥ᠂ ᠰᠢᠨ᠎ᠡ ᠴᠠᠬ ᠦᠶ᠎ᠡ ᠶᠢᠨ ᠤᠯᠤᠰ ᠳᠦᠷᠦ ᠪᠠᠷ ᠴᠡᠷᠢᠭ ᠪᠠᠶᠢᠭᠤᠯᠬᠤ ᠠᠷᠭ᠎ᠠ ᠪᠤᠳᠤᠯᠭ᠎ᠠ ᠶᠢᠨ ᠬᠦᠭᠵᠢᠯᠳᠡ ᠶᠢᠨ ᠶᠠᠪᠤᠴᠠ᠂ ᠪᠠᠶᠠᠯᠢᠭ ᠠᠭᠤᠯᠤᠬᠳᠠᠬᠤᠨ᠂ ᠴᠠᠬ ᠦᠶ᠎ᠡ ᠶᠢᠨ ᠱᠠᠭᠠᠷᠳᠠᠯᠭ᠎ᠠ ᠪᠤᠯᠤᠨ ᠦᠢᠯᠡᠳᠦᠯᠬᠡ ᠶᠢᠨ ᠠᠷᠭ᠎ᠠ ᠵᠠᠮ ᠢ ᠪᠦᠬᠦ ᠳᠠᠯ᠎ᠠ ᠪᠠᠷ ᠳᠤᠰᠬᠠᠪᠠ    ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠦᠢᠷ᠎ᠠ ᠳᠤ ᠮᠡᠳᠡᠭᠳᠡᠯ ᠪᠠᠭᠤᠯᠭᠠᠵᠥ᠂ ᠪᠦᠬᠦ ᠴᠡᠷᠢᠭ ᠢ ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠳᠦᠷᠦ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠰᠤᠩᠭᠤᠮᠠᠯ︾ ᠢ ᠰᠤᠷᠤᠯᠴᠠᠨ ᠬᠡᠷᠡᠭᠯᠡᠬᠦ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠥ᠂ ᠤᠯᠤᠰ ᠳᠦᠷᠦ ᠪᠠᠷ ᠴᠡᠷᠢᠭ ᠪᠠᠶᠢᠭᠤᠯᠬᠤ ᠠᠵᠢᠯ ᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠬᠤ ᠶᠢ ᠠᠬᠢᠭᠤᠯᠬᠤ ᠬᠡᠷᠡᠭᠳᠡᠢ᠃ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠱᠠᠭᠠᠷᠳᠠᠯᠭ᠎ᠠ ᠶᠤᠰᠤᠭᠠᠷ᠂ ᠤᠬ ᠪᠦᠳᠦᠬᠡᠯ ᠢ ᠤᠩᠰᠢᠬᠤ᠂ ᠤᠬ ᠵᠤᠬᠢᠶᠠᠯ ᠢ ᠰᠤᠷᠤᠯᠴᠠᠬᠤ᠂ ᠤᠬ ᠶᠤᠰᠤ ᠶᠢ ᠦᠢᠯᠠᠭᠠᠬᠤ ᠶᠢ ᠪᠠᠷᠢᠮᠳᠠᠯᠠᠵᠥ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠬᠦᠯᠬᠦ᠂ ᠰᠤᠷᠤᠯᠴᠠᠯᠭ᠎ᠠ ᠪᠠᠷ ᠰᠤᠷᠳᠠᠯ ᠢ ᠳᠦᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠳᠠᠯᠠᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠤᠯ ᠰᠡᠳᠦᠪᠳᠤ ᠬᠦᠮᠦᠵᠢᠯ ᠤᠨ ᠦᠷ᠎ᠡ ᠪᠦᠳᠦᠬᠡᠯ ᠢ ᠪᠠᠬᠢᠵᠢᠬᠦᠯᠦᠨ ᠦᠷᠬᠡᠳᠬᠡᠵᠥ᠂ ︽ᠵᠤᠷᠢᠭ ᠰᠢᠭᠤᠳᠦᠨ ᠨᠠᠮ ᠢᠶᠠᠨ ᠳᠠᠭᠠᠵᠥ ᠦᠨᠡᠨᠴᠢ ᠰᠢᠳᠤᠷᠭᠤ ᠪᠠᠨ ᠴᠤᠬᠴᠠᠯᠠᠵᠥ᠂ ᠰᠡᠳᠬᠢᠯ ᠨᠢᠬᠡᠳᠦᠨ ᠡᠷᠡᠮᠡᠬᠡᠶᠢᠯᠡᠨ ᠤᠷᠤᠬᠰᠢᠯᠠᠵᠥ ᠡᠬᠦᠷᠬᠡ ᠬᠠᠷᠢᠭᠤᠴᠠᠯᠭ᠎ᠠ ᠡᠬᠦᠷᠬᠡᠯᠡᠬᠦ︾ ᠳᠤ ᠠᠩᠬᠠᠷᠤᠯ ᠢᠶᠠᠨ ᠳᠦᠪᠯᠡᠷᠡᠬᠦᠯᠦᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠦᠨᠵᠡᠬᠡᠶᠢᠷᠡᠬᠦᠯᠵᠥ᠂ ᠳᠠᠷᠤᠭ᠎ᠠ ᠪᠠᠶᠢᠯᠳᠤᠬᠴᠢᠳ ᠢ ᠬᠦᠳᠦᠯᠦᠨ ᠵᠢᠯᠤᠭᠤᠳᠴᠤ ᠪᠠᠶᠢᠭᠠᠳ ︽ᠬᠤᠶᠠᠷ ᠢ ᠳᠤᠬᠳᠠᠭᠠᠬᠰᠠᠨ︾ ᠤ ᠰᠶᠢᠳᠪᠦᠷᠢᠯᠡᠭᠴᠢ ᠴᠢᠨᠠᠷᠳᠠᠢ ᠠᠴᠢ ᠬᠤᠯᠪᠤᠬᠳᠠᠯ ᠢ ᠬᠦᠨᠵᠡᠬᠡᠢ ᠦᠢᠯᠠᠭᠠᠵᠥ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠥ᠂ ︽ᠳᠦᠷᠪᠡᠨ ᠢᠳᠡᠬᠡᠯ︾ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠷᠢᠬᠦᠯᠡᠭᠴᠢ ᠬᠠᠷᠢᠭᠤᠴᠠᠬᠤ ᠳᠦᠷᠢᠮ ᠢ ᠳᠤᠭᠤᠰᠢᠯᠠᠭᠤᠯᠬᠤ ᠬᠡᠷᠡᠭᠳᠡᠢ᠃ ︽ᠰᠤᠩᠭᠤᠮᠠᠯ︾ ᠢ ᠰᠤᠷᠤᠯᠴᠠᠬᠤ ᠶᠢ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠰᠤᠷᠤᠯᠴᠠᠯᠭ᠎ᠠ᠂ ᠴᠡᠷᠢᠭ ᠠᠩᠬᠢ ᠶᠢᠨ ᠦᠵᠡᠯ ᠰᠠᠨᠠᠭ᠎ᠠ ᠤᠯᠤᠰ ᠲᠦᠷᠤ ᠶᠢᠨ ᠬᠦᠮᠤᠵᠢᠯ ᠪᠤᠯᠤᠨ ᠶᠡᠭᠡ ᠲᠡᠬᠡᠳᠤ ᠰᠤᠷᠭᠠᠭᠤᠯᠢ ᠶᠢᠨ ᠤᠯᠤᠰ ᠲᠦᠷᠤ ᠶᠢᠨ ᠤᠨᠤᠯ ᠤᠨ ᠵᠢᠭᠠᠨ ᠰᠤᠷᠭᠠᠯᠳᠠ ᠳᠤ ᠤᠷᠤᠭᠤᠯᠵᠤ᠂ ᠺᠠᠳ᠋ᠷ ᠤᠨ ᠤᠨᠤᠯ ᠤᠨ ᠪᠤᠯᠪᠠᠰᠤᠷᠠᠯ ᠤᠨ ᠡᠬᠡᠯᠵᠢᠳᠦ ᠪᠤᠯᠪᠠᠰᠤᠷᠠᠭᠤᠯᠤᠯ᠂ ᠤᠯᠤᠰ ᠲᠦᠷᠤ ᠶᠢᠨ ᠺᠠᠳ᠋ᠷ ᠤᠨ ᠲᠤᠰᠬᠠᠢ ᠰᠡᠳᠤᠪᠳᠤ ᠪᠤᠯᠪᠠᠰᠤᠷᠠᠯ ᠵᠡᠷᠬᠡ ᠶᠢ ᠲᠡᠰ ᠲᠠᠪᠬᠤᠷᠭ᠎ᠠ ᠬᠤᠪᠢᠶᠠᠨ ᠵᠤᠬᠢᠶᠠᠨ ᠪᠠᠶᠢᠭᠤᠯᠵᠤ ᠲᠤᠰ ᠵᠢᠭᠠᠬᠤ ᠮᠠᠲᠤᠷᠢᠶᠡᠯ ᠢᠶᠠᠷ ᠴᠢᠬᠤᠯᠠ ᠠᠭᠤᠯᠭ᠎ᠠ ᠪᠤᠯᠭᠠᠨ ᠲᠤᠪᠤᠶᠢᠯᠭᠠᠬᠤ ᠭᠡᠷᠡᠭᠲᠡᠢ᠃   ᠦᠷᠬᠡᠨ ᠤᠯᠠᠨ ᠤᠨᠤᠯ ᠤᠨ ᠠᠵᠢᠯᠳᠠᠨ ᠲᠡᠷᠢᠬᠦᠯᠡᠭᠴᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠤᠯᠤᠰ ᠲᠦᠷᠤ ᠪᠠᠷ ᠴᠡᠷᠢᠭ ᠪᠠᠶᠢᠭᠤᠯᠬᠤ ᠲᠤᠬᠠᠢ ᠴᠢᠬᠤᠯᠠ ᠦᠬᠦᠯᠡᠯᠳᠠ ᠶᠢ ᠬᠦᠨᠵᠡᠬᠡᠢ ᠰᠤᠷᠤᠯᠴᠠᠨ ᠤᠶᠢᠯᠠᠭᠠᠵᠤ᠂ ᠰᠢᠨ᠎ᠠ ᠴᠠᠬ ᠦᠶ᠎ᠠ ᠶᠢᠨ ᠤᠯᠤᠰ ᠲᠦᠷᠤ ᠪᠠᠷ ᠴᠡᠷᠢᠭ ᠪᠠᠶᠢᠭᠤᠯᠬᠤ ᠠᠷᠭ᠎ᠠ ᠪᠤᠳᠤᠯᠭ᠎ᠠ ᠶᠢ ᠰᠤᠷᠤᠯᠴᠠᠨ ᠲᠠᠶᠢᠯᠪᠤᠷᠢᠯᠠᠬᠤ ᠪᠠᠨ ᠴᠢᠩᠭᠠᠳᠬᠠᠵᠤ᠂ ᠴᠡᠷᠢᠭ ᠠᠩᠬᠢ ᠶᠢᠨ ᠰᠤᠨᠢᠨ ᠮᠡᠳᠡᠬᠡᠨ ᠤ ᠵᠠᠭᠤᠴᠢᠯᠠᠭᠤᠷ ᠤᠨ ᠬᠢᠨ ᠰᠤᠨᠢᠨ ᠮᠡᠳᠡᠬᠡᠨ ᠤ ᠤᠬᠠᠭᠤᠯᠭ᠎ᠠ ᠶᠢ ᠰᠠᠶᠢᠳᠤᠷ ᠬᠢᠵᠤ᠂ ᠤᠳᠤᠷᠢᠳᠬᠤ ᠺᠠᠳ᠋ᠷ ᠲᠤᠰ ᠪᠠᠶ᠎ᠠ ᠶᠢᠨ ᠰᠤᠷᠤᠯᠴᠠᠯᠭ᠎ᠠ ᠶᠢᠨ ᠦᠷ᠎ᠠ ᠪᠦᠳᠤᠬᠡᠯ ᠢᠶᠠᠨ ᠠᠰᠢᠬᠯᠠᠨ ᠦᠨᠳᠤᠰᠤᠨ ᠱᠠᠳᠤᠨ ᠤ ᠲᠠᠷᠤᠭ᠎ᠠ ᠪᠠᠶᠢᠯᠳᠤᠬᠴᠢᠳ ᠲᠤ ᠰᠠᠶᠢᠳᠤᠷ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠤᠭᠤᠳᠴᠤ᠂ ᠰᠤᠷᠤᠯᠴᠠᠨ ᠲᠤᠭᠤᠰᠢᠯᠠᠭᠤᠯᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠠᠢ᠃ ᠦᠵᠡᠯ ᠰᠠᠨᠠᠭ᠎ᠠ ᠪᠠᠨ ᠦᠬᠡᠷᠡᠴᠢᠯᠡᠬᠦ ᠤᠬᠠᠮᠰᠠᠷᠳᠤ ᠴᠢᠨᠠᠷ ᠪᠠ ᠲᠦᠢᠯᠪᠤᠷᠢᠳᠤ ᠴᠢᠨᠠᠷ ᠢᠶᠠᠨ ᠴᠢᠩᠭᠠᠳᠬᠠᠵᠤ᠂ ᠲᠡᠭᠡᠳᠤ ᠳᠡᠰ ᠤᠨ ᠺᠠᠳ᠋ᠷᠴᠤᠳ ᠤᠷᠢᠳ ᠢᠶᠠᠷ ᠬᠦᠮᠤᠵᠢᠯ ᠬᠦᠷᠳᠡᠬᠦ᠂ ᠦᠨᠡᠨ ᠬᠦᠮᠤᠵᠢᠯ ᠬᠦᠷᠳᠡᠬᠦ ᠶᠢ ᠪᠠᠷᠢᠮᠳᠠᠯᠠᠵᠤ᠂ ᠦᠵᠡᠯ ᠰᠠᠨᠠᠭᠠᠨ ᠤ ᠦᠨᠳᠤᠰᠤᠨ ᠠᠰᠠᠭᠤᠳᠠᠯ ᠢ ᠬᠦᠴᠤᠯᠠᠨ ᠰᠶᠢᠳᠪᠤᠷᠢᠯᠠᠵᠤ᠂ ᠬᠦᠰᠠᠯᠠᠩ ᠢᠳᠡᠬᠡᠯ ᠪᠢᠰᠢᠷᠠᠯ ᠢᠶᠠᠨ ᠪᠠᠳᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠳᠤ ᠴᠤᠬᠴᠠᠯᠠᠬᠤ ᠭᠡᠷᠡᠭᠳᠠᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠰᠢᠯᠢᠳᠡᠭ ᠰᠤᠷᠤᠯᠴᠠᠬᠤ ᠰᠤᠷᠳᠠᠯ ᠢ ᠶᠡᠭᠡ ᠪᠠᠷ ᠪᠠᠳᠠᠷᠠᠭᠤᠯᠵᠤ᠂ ᠪᠤᠳᠠᠳᠠᠢ ᠦᠷ᠎ᠠ ᠪᠦᠳᠤᠮᠵᠢ ᠪᠠᠷ ᠰᠤᠷᠤᠯᠴᠠᠯᠭ᠎ᠠ ᠶᠢᠨ ᠦᠷ᠎ᠠ ᠪᠦᠳᠤᠬᠡᠯ ᠢ ᠰᠢᠯᠭᠠᠬᠤ ᠤᠳᠤᠷᠢᠳᠤᠮᠵᠢ ᠶᠢ ᠪᠠᠳᠤ ᠪᠤᠢ ᠪᠤᠯᠭᠠᠵᠤ᠂ ᠤᠯᠤᠰ ᠲᠦᠷᠤ ᠶᠢᠨ ᠲᠠᠯ᠎ᠠ ᠪᠠᠷ ᠪᠠᠳᠤ ᠴᠢᠩᠭ᠎ᠠ᠂ ᠴᠢᠳᠠᠪᠤᠷᠢ ᠬᠡᠳᠦ᠋ᠢᠳᠦᠭᠰᠡᠨ ᠪᠠᠳᠤ ᠴᠢᠩᠭ᠎ᠠ ᠨᠠᠮ ᠤᠨ ᠵᠤᠬᠢᠶᠠᠨ ᠪᠠᠶᠢᠭᠤᠯᠤᠯᠳᠠ ᠶᠢ ᠲᠠᠪᠳᠠᠨ ᠪᠤᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠬᠡᠯᠡᠬᠦ᠂ ᠴᠡᠷᠢᠭ ᠢ ᠬᠦᠴᠦᠷᠭᠡᠭᠵᠢᠬᠦᠯᠬᠦ ᠬᠦᠨᠳᠤ ᠡᠬᠦᠷᠬᠡ ᠶᠢ ᠡᠬᠦᠷᠬᠡᠯᠠᠵᠤ ᠲᠡᠶᠢᠯᠬᠦ ᠦᠨᠳᠤᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠲᠠᠪᠳᠠᠨ ᠪᠤᠯᠪᠠᠰᠤᠷᠠᠭᠤᠯᠵᠤ᠂ ᠤᠯᠤᠰ ᠲᠦᠷᠤ ᠪᠠᠷ ᠴᠡᠷᠢᠭ ᠪᠠᠶᠢᠭᠤᠯᠬᠤ ᠰᠢᠨ᠎ᠠ ᠪᠠᠶᠢᠳᠠᠯ ᠢ ᠲᠠᠰᠤᠷᠠᠯᠳᠠ ᠦᠬᠡᠢ ᠡᠬᠦᠳᠴᠤ᠂ ᠴᠡᠷᠢᠭ ᠢ ᠬᠦᠴᠦᠷᠭᠡᠭᠵᠢᠬᠦᠯᠬᠦ ᠤᠶᠢᠯᠡᠰ ᠢ ᠦᠷᠬᠦᠯᠵᠢᠯᠠᠠ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠴᠡᠷᠢᠭ ᠪᠠᠶᠢᠭᠤᠯᠤᠬᠳᠠᠬᠰᠠᠨ 100 ᠵᠢᠯ ᠤᠨ ᠤᠢ ᠶᠢ ᠤᠬᠳᠤᠬᠤ ᠭᠡᠷᠡᠭᠳᠠᠢ ᠬᠡᠵᠤ ᠱᠠᠭᠠᠷᠳᠠᠪᠠ᠃    ︵ᠰᠢᠨᠬᠤᠸᠠ ᠬᠤᠷᠢᠶ᠎ᠠ ᠶᠢᠨ ᠪᠡᠬᠡᠵᠢᠩ ᠤᠨ 9 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号