ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠣᠷᠢᠭᠲᠠᠢ ᠪᠠᠷ ᠰᠢᠨ᠎ᠡ ᠶᠢ ᠡᠭᠦᠳᠴᠦ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ ᠠᠷᠠᠳ ᠢ ᠪᠠᠶᠠᠵᠢᠭᠤᠯᠵᠤ ᠭᠠᠨᠰᠤ ᠪᠠᠨ ᠬᠥᠭᠵᠢᠭᠦᠯᠦᠨ ᠮᠠᠨᠳᠤᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠨᠰᠤ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠵᠠᠮ ᠵᠠᠭᠤᠷ᠎ᠠ ᠪᠠᠨ ᠱᠠᠨᠰᠢ ᠶᠢᠨ ᠪᠦᠦ ᠵᠢᠢ ᠳᠤ ᠰᠢᠨᠵᠢᠯᠡᠨ ᠪᠠᠶᠢᠴᠠᠭᠠᠪᠠ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/14
   ᠰᠢᠨᠬᠤᠸᠠ ᠬᠤᠷᠢᠶ᠎ᠠ ᠶᠢᠨ ᠭᠠᠨᠰᠤ ᠶᠢᠨ ᠯᠠᠨᠵᠧᠦ / ᠱᠠᠨᠰᠢ ᠶᠢᠨ ᠪᠦᠦ ᠵᠢᠢ ᠶᠢᠨ 9 ᠰᠠᠷ᠎ᠠ ᠶᠢᠨ 13 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠭᠠᠨᠰᠤ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠭᠠᠨᠰᠤ ᠶᠢ ᠲᠦᠷᠭᠡᠳᠬᠡᠨ ᠪᠠᠶᠢᠭᠤᠯᠵᠤ᠂ ᠠᠷᠠᠳ ᠢ ᠪᠠᠶᠠᠵᠢᠭᠤᠯᠤᠨ ᠭᠠᠨᠰᠤ ᠪᠠᠨ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠨᠰᠤ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
234.jpg
    9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ ᠪᠣᠯᠣᠨ ᠮᠤᠵᠢ ᠶᠢᠨ ᠳᠠᠷᠤᠭ᠎ᠠ ᠷᠧᠨ ᠵᠧᠨ ᠾᠧ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠲᠢᠶᠠᠨ ᠱᠦᠢ᠂ ᠯᠠᠨᠵᠧᠦ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃
235.jpg
    10 ᠤ ᠦᠳᠡ ᠶᠢᠨ ᠬᠤᠶᠢᠨ᠎ᠠ᠂ ᠰᠢ ᠶᠢᠨ ᠫᠢᠩ ᠲᠢᠶᠠᠨ ᠱᠦᠢ ᠬᠤᠳᠠ ᠳᠤ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠬᠤ ᠹᠦ᠋ ᠰᠢ ᠰᠦᠮ᠎ᠡ ᠳᠤ ᠰᠢᠨᠵᠢᠯᠡᠨ ᠪᠠᠶᠢᠴᠠᠭᠠᠵᠤ ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠹᠦ᠋ ᠰᠢ ᠰᠦᠮ᠎ᠡ ᠨᠢ ᠮᠠᠰᠢ ᠥᠨᠳᠥᠷ ᠲᠡᠦᠬᠡ ᠰᠣᠶᠣᠯ ᠤᠨ ᠦᠨ᠎ᠡ ᠥᠷᠲᠡᠭ ᠲᠠᠢ ᠶᠤᠮ᠂ ᠡᠨᠡ ᠬᠦ ᠬᠤᠪᠣᠷ ᠨᠠᠨᠳᠢᠨ ᠰᠣᠶᠣᠯ ᠤᠨ ᠥᠪ ᠢ ᠰᠠᠶᠢᠲᠤᠷ ᠬᠠᠮᠠᠭᠠᠯᠠᠨ ᠤᠯᠠᠮᠵᠢᠯᠠᠵᠤ᠂ ᠡᠪᠦᠭᠡ ᠳᠡᠭᠡᠳᠦᠰ ᠤᠨ ᠣᠶᠤᠨ ᠤᠬᠠᠭᠠᠨ ᠪᠣᠯᠣᠨ ᠡᠭᠦᠳᠦᠨ ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠡᠭᠦᠷᠢᠳᠡ ᠵᠣᠷᠢᠭᠵᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠣᠨ ᠢᠲᠡᠭᠡᠯ ᠵᠣᠷᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    11 ᠤ ᠦᠳᠡ ᠶᠢᠨ ᠡᠮᠦᠨ᠎ᠡ᠂ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠦᠵᠡᠭᠦᠯᠭᠡ ᠶᠢᠨ ᠰᠠᠮᠪᠠᠷ᠎ᠠ ᠶᠢ ᠦᠵᠡᠬᠦ ᠶᠢᠨ ᠳᠠᠭᠠᠤ ᠳᠤᠤ ᠾᠧ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ 2013 ᠣᠨ ᠤ ᠡᠬᠢ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠢᠷᠡᠵᠦ ᠰᠢᠨᠵᠢᠯᠡᠨ ᠪᠠᠶᠢᠴᠠᠭᠠᠵᠤ᠂ ᠪᠠᠷᠢᠯᠭ᠎ᠠ ᠶᠢᠨ ᠬᠦᠴᠢᠷ ᠠᠰᠠᠭᠤᠳᠠᠯ ᠢ ᠵᠢᠭᠠᠨ ᠵᠢᠯᠤᠭᠤᠳᠴᠤ ᠰᠢᠢᠳᠪᠦᠷᠢᠯᠡᠭᠰᠡᠨ ᠪᠠᠶᠢᠳᠠᠯ ᠢᠶᠠᠨ ᠡᠷᠭᠢᠴᠡᠭᠦᠯᠪᠡ᠃ 600 ᠲᠦᠮᠡ ᠰᠢᠬᠠᠮ ᠤᠯᠠᠨ ᠲᠦᠮᠡᠨ ᠡᠭᠦᠨ ᠠᠴᠠ ᠬᠤᠶᠢᠰᠢ ᠭᠠᠰᠢᠭᠤᠨ ᠱᠣᠷᠪᠣᠭ ᠤᠰᠤ ᠤᠤᠭᠤᠬᠤ ᠦᠭᠡᠢ ᠪᠣᠯᠤᠭᠰᠠᠨ ᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠡᠨᠡ ᠬᠦ ᠢᠨᠵᠧᠨᠧᠷᠢᠩ ᠢᠶᠠᠷ ᠵᠠᠮ ᠳᠠᠭᠠᠤ ᠶᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠲᠠᠯ᠎ᠠ ᠰᠠᠭᠤᠭᠰᠠᠨ ᠬᠤᠸᠠ ᠨᠢᠦ ᠠᠯᠮᠤᠷᠠᠳ᠂ ᠡᠯᠪᠡᠭ ᠬᠤᠷᠢᠶᠠᠯᠲᠠ ᠶᠢᠨ ᠦᠵᠡᠮᠵᠢ ᠶᠢ ᠭᠠᠶᠢᠬᠠᠭᠤᠯᠤᠨ᠎ᠠ᠃ ᠰᠢ ᠶᠢᠨ ᠫᠢᠩ ᠵᠢᠮᠢᠰ ᠤᠨ ᠤᠢ ᠳᠤ ᠣᠷᠣᠵᠤ᠂ ᠬᠠᠮᠢᠶ᠎ᠠ ᠪᠦᠬᠦᠢ ᠲᠠᠷᠢᠮᠠᠯ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠃ 70 ᠭᠠᠷᠤᠢ ᠵᠢᠯ ᠪᠤᠶᠢᠵᠢᠭᠤᠯᠤᠨ ᠬᠥᠭᠵᠢᠭᠦᠯᠬᠦ ᠪᠠᠷ ᠳᠡᠮᠵᠢᠨ ᠬᠤᠸᠠ ᠨᠢᠦ ᠠᠯᠮᠤᠷᠠᠳ ᠤᠨ ᠲᠦᠷᠦᠯ ᠲᠡᠮᠳᠡᠭ ᠶᠠᠪᠤᠬᠤ ᠲᠤᠳᠤᠮ ᠨᠡᠷ᠎ᠡ ᠠᠯᠳᠠᠷᠰᠢᠪᠠ᠃ ᠡᠭᠦᠯᠳᠡᠷ ᠢ ᠬᠠᠮᠠᠭᠠᠯᠠᠬᠤ ᠪᠠ ᠪᠤᠶᠢᠵᠢᠭᠤᠯᠬᠤ ᠶᠢ ᠴᠢᠩᠭᠠᠳᠬᠠᠵᠤ᠂ ᠲᠠᠷᠢᠮᠠᠯ ᠤᠨ ᠠᠷᠭ᠎ᠠ ᠭᠡᠯᠪᠡᠷᠢ ᠶᠢ ᠰᠢᠯᠢᠳᠡᠭᠵᠢᠭᠦᠯᠦᠨ᠂ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠡᠨᠡ ᠬᠦ ᠣᠨᠴᠠᠯᠢᠭᠲᠤ ᠠᠵᠤ ᠦᠢᠯᠡᠰ ᠢ ᠨᠠᠩ ᠪᠤᠵᠠᠭᠠᠶᠢᠷᠠᠭᠤᠯᠵᠤ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ᠃ ᠲᠡᠷᠡ ᠨᠤᠲᠤᠭ ᠤᠨ ᠠᠬ᠎ᠠ ᠳᠡᠭᠦᠦ ᠨᠠᠷ ᠤᠨ ᠠᠮᠢᠳᠤᠷᠠᠯ ᠠᠯᠮᠤᠷᠠᠳ ᠰᠢᠭ᠋ ᠭᠠᠯ ᠤᠯᠠᠭᠠᠨ ᠥᠭᠡᠳᠡᠷᠬᠡᠭ ᠪᠠᠶᠢᠬᠤ ᠶᠢ ᠵᠥᠩᠨᠡᠪᠡ᠃    ᠲᠠᠷᠠᠭ᠎ᠠ ᠨᠢ ᠰᠢ ᠶᠢᠨ ᠫᠢᠩ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠳᠤ ᠬᠦᠷᠴᠦ᠂ ᠬᠥᠭᠦᠷᠭᠡᠨ ᠵᠠᠮ ᠢᠶᠠᠷ ᠠᠯᠬᠤᠯᠠᠵᠤ 1600 ᠭᠠᠷᠤᠢ ᠵᠢᠯ ᠤᠨ ᠡᠮᠦᠨᠡᠬᠢ ᠠᠭᠤᠢ ᠪᠣᠯᠣᠨ ᠱᠤᠭᠤᠮᠠᠯ᠂ ᠬᠠᠨ᠎ᠠ ᠶᠢᠨ ᠵᠢᠷᠤᠭ ᠢ ᠨᠠᠷᠢᠨ ᠪᠠᠶᠢᠴᠠᠭᠠᠨ ᠦᠵᠡᠵᠦ᠂ ᠬᠠᠮᠠᠭᠠᠯᠠᠨ ᠰᠡᠷᠭᠦᠭᠡᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠤᠨ ᠲᠦᠷᠪᠡᠨ ᠶᠡᠭᠡ ᠴᠢᠯᠠᠭᠤᠨ ᠠᠭᠤᠢ ᠪᠣᠯ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ᠂ ᠴᠥᠮ ᠴᠢᠬᠤᠯᠠ ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ ᠲᠠᠢ ᠶᠤᠮ ᠭᠡᠵᠡᠢ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠤᠨ ︽ᠮᠦᠸᠧ ᠭᠤᠤ ᠶᠢᠨ ᠵᠣᠷᠢᠭ ᠰᠠᠨᠠᠭ᠎ᠠ︾ ᠶᠢ ᠦᠷᠭᠦᠯᠵᠢᠯᠡᠨ ᠪᠠᠷᠢᠮᠲᠠᠯᠠᠵᠤ᠂ ᠨᠢᠭᠡ ᠰᠡᠳᠬᠢᠯ ᠢᠶᠠᠷ ᠤᠯᠤᠰ ᠤᠨ ᠲᠥᠯᠥᠭᠡ ᠦᠨᠡᠲᠦ ᠡᠷᠳᠡᠨᠢᠰ ᠢ ᠬᠠᠮᠠᠭᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃    11 ᠤ ᠦᠳᠡ ᠶᠢᠨ ᠬᠤᠶᠢᠨ᠎ᠠ᠂ ᠰᠢ ᠶᠢᠨ ᠫᠢᠩ ᠯᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠠᠨᠨᠢᠩ ᠲᠣᠭᠤᠷᠢᠭ ᠤᠨ ᠽᠣᠣ ᠯᠢᠨ ᠰᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠡᠷᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠭᠡᠷ ᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠨᠠᠶᠢᠳᠠᠪᠤᠷᠢᠵᠢᠭᠤᠯᠵᠤ ᠪᠠᠶᠢᠬᠤ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠲᠠᠯᠠᠪᠠᠢ ᠳᠤ ᠠᠵᠢᠯ ᠠᠴᠠ ᠪᠠᠨ ᠠᠮᠠᠷᠠᠭᠰᠠᠨ ᠬᠥᠮᠥᠰ ᠤᠨ ᠨᠠᠶᠢᠷᠠᠯ ᠳᠠᠭᠤᠤ ᠶᠢᠨ ᠪᠣᠯᠪᠠᠰᠤᠷᠠᠯ ᠢ ᠰᠣᠨᠢᠷᠬᠠᠪᠠ᠃ ᠲᠡᠷᠡ ᠪᠠᠰᠠ ᠦᠢᠯᠡᠴᠢᠯᠡᠭᠡᠨ ᠤ ᠲᠥᠪ ᠤᠨ ᠬᠠᠵᠠᠭᠤ ᠳᠠᠬᠢ ᠯᠢᠦ ᠵᠢᠶᠠ ᠪᠦᠦ ᠲᠣᠮᠢᠯᠠᠭᠰᠠᠨ ᠰᠠᠯᠪᠤᠷᠢ ᠳᠤ ᠬᠦᠷᠴᠦ᠂ ᠴᠠᠭᠳᠠᠭᠠᠨ ᠤ ᠶᠠᠪᠤᠳᠠᠯ ᠤᠨ ᠬᠦᠴᠦᠨ ᠢ ᠳᠣᠷᠣᠭᠰᠢ ᠪᠠᠭᠤᠯᠭᠠᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠪᠠ᠃ ᠰᠢ ᠶᠢᠨ ᠫᠢᠩ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠢᠯᠠᠩᠭᠤᠶ᠎ᠠ ᠥᠲᠡᠭᠦᠰ ᠨᠢᠯᠬᠠᠰ ᠤᠨ ᠠᠵᠢᠯ ᠵᠡᠷᠭᠡ ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠪᠣᠯᠣᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠨᠡᠩ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠵᠠᠷᠤᠴᠠᠭᠤᠯᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠯᠢ ᠽᠥᠩ ᠪᠢᠶᠣᠣ ᠶᠢᠨ ᠭᠡᠷ ᠲᠤ ᠰᠢ ᠶᠢᠨ ᠫᠢᠩ ᠳᠡᠳᠡᠨ ᠤ ᠨᠢᠭᠡ ᠭᠡᠷ ᠤᠨ ᠬᠢᠨ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠨᠢᠭᠡ ᠭᠡᠷ ᠤᠨ ᠭᠤᠷᠪᠠᠨ ᠦᠶ᠎ᠡ ᠪᠠᠷ ᠢᠶᠠᠨ ᠵᠣᠯ ᠵᠢᠷᠭᠠᠯ ᠲᠠᠢ ᠠᠮᠢᠳᠤᠷᠠᠵᠤ᠂ ᠪᠠᠶᠠᠷ ᠭᠦᠷ ᠲᠠᠢ ᠪᠠᠶᠢᠬᠤ ᠶᠢ ᠦᠵᠡᠭᠡᠳ ᠲᠡᠷᠡ ᠮᠠᠰᠢ ᠪᠠᠶᠠᠷᠯᠠᠪᠠ᠃ ᠰᠢ ᠶᠢᠨ ᠫᠢᠩ᠂ ᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠪᠣᠯ ᠬᠠᠮᠤᠭ ᠤᠨ ᠴᠢᠬᠤᠯᠠ᠂ ᠨᠠᠮ ᠤᠨ ᠲᠥᠪ ᠬᠤᠷᠢᠶ᠎ᠠ ᠨᠠᠰᠤᠲᠠᠶᠢᠴᠤᠳ ᠤᠨ ᠵᠣᠯ ᠵᠢᠷᠭᠠᠯ ᠠᠮᠤᠷ ᠠᠮᠤᠭᠤᠯᠠᠩ ᠢ ᠲᠦᠢᠯ ᠢᠶᠠᠷ ᠬᠠᠯᠠᠮᠵᠢᠯᠠᠵᠤ ᠪᠠᠶᠢᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠠᠰᠠᠷᠠᠮᠵᠢ᠂ ᠡᠮᠴᠢᠯᠡᠭᠡ ᠪᠣᠯᠣᠨ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠪᠠ᠂ ᠦᠷᠭᠦᠯᠵᠢᠯᠡᠨ ᠬᠢᠵᠦ᠂ ᠬᠢᠬᠦ ᠲᠤᠳᠤᠮ ᠰᠠᠶᠢᠨ ᠬᠢᠬᠦ ᠬᠡᠷᠡᠭᠲᠡᠢ ᠭᠡᠵᠦ ᠢᠯᠡᠳᠬᠡᠪᠡ᠃    ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠡᠭᠡᠷ᠎ᠡ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠤ ᠬᠦᠷᠢᠶᠡᠯᠡᠨ ᠵᠣᠭᠰᠣᠵᠠᠭᠠᠪᠠ᠃ ᠰᠢ ᠶᠢᠨ ᠫᠢᠩ ᠤᠯᠠᠨ ᠳᠤ᠂ ᠪᠢᠳᠡ ᠤᠳᠠᠯ ᠦᠭᠡᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠪᠣᠯᠣᠨ᠎ᠠ᠃ 75 ᠵᠢᠯ ᠤᠨ ᠲᠤᠷᠰᠢ ᠮᠠᠨ ᠤ ᠤᠯᠤᠰ ᠤᠨ ᠬᠥᠭᠵᠢᠯᠲᠡ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠤᠳᠤ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ ᠪᠠᠶᠢᠨ᠎ᠠ᠂ ᠪᠢᠳᠡ ᠨᠡᠩ ᠪᠦᠯᠬᠦᠮᠳᠡᠵᠦ᠂ ᠨᠡᠩ ᠴᠢᠷᠮᠠᠶᠢᠵᠤ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠨ ᠠᠵᠢᠯᠯᠠᠵᠤ᠂ ᠨᠡᠩ ᠶᠡᠭᠡ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠶ᠎ᠡ ᠭᠡᠵᠦ ᠬᠡᠯᠡᠪᠡ᠃ ᠲᠡᠷᠡ ᠤᠷᠢᠳᠴᠢᠯᠠᠨ ᠣᠯᠠᠨ ᠳᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠥᠩᠨᠡᠯ ᠳᠡᠪᠰᠢᠭᠦᠯᠵᠦ᠂ ᠠᠶᠢᠯ ᠭᠡᠷ ᠪᠣᠯᠭᠠᠨ ᠠᠮᠤᠷ ᠠᠮᠤᠭᠤᠯᠠᠩ᠂ ᠡᠷᠡᠭᠦᠯ ᠴᠢᠭᠢᠷᠠᠭ᠂ ᠪᠠᠶᠠᠷ ᠭᠦᠷ ᠲᠠᠢ ᠪᠠᠶᠢᠬᠤ ᠶᠢ ᠵᠥᠩᠨᠡᠪᠡ᠃    ᠲᠠᠷᠠᠭ᠎ᠠ ᠨᠢ ᠰᠢ ᠶᠢᠨ ᠫᠢᠩ ᠬᠠᠳᠤᠨ ᠭᠤᠣᠯ ᠤᠨ ᠯᠠᠨᠵᠧᠦ ᠶᠢᠨ ᠵᠦᠩᠱᠠᠨ ᠬᠥᠭᠦᠷᠭᠡ ᠶᠢᠨ ᠬᠡᠰᠡᠭ ᠲᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠭᠤᠣᠯ ᠳᠠᠭᠠᠤ ᠶᠠᠪᠠᠭᠠᠨ ᠵᠠᠮ ᠢᠶᠠᠷ ᠪᠠᠶᠢᠴᠠᠭᠠᠨ ᠦᠵᠡᠵᠦ᠂ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ᠂ ᠤᠯᠠᠨ ᠲᠦᠮᠡᠨ ᠳᠤ ᠬᠠᠳᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠯᠠᠨᠵᠧᠦ ᠪᠣᠯ ᠬᠠᠳᠤᠨ ᠭᠤᠣᠯ ᠬᠤᠳᠠ ᠶᠢᠨ ᠳᠤᠮᠳᠠᠭᠤᠷ ᠨᠢ ᠤᠷᠤᠰᠤᠨ ᠥᠩᠭᠡᠷᠡᠵᠦ ᠪᠠᠶᠢᠭ᠎ᠠ ᠴᠤᠷ ᠤᠨ ᠭᠠᠭᠴᠠ ᠮᠤᠵᠢ ᠶᠢᠨ ᠲᠥᠪ ᠬᠤᠳᠠ ᠪᠣᠯᠣᠨ᠎ᠠ᠃ ᠤᠯᠠᠨ ᠢᠶᠠᠷ ᠢᠶᠠᠨ ᠠᠴᠢᠯᠠᠨ ᠲᠠᠯᠠᠷᠬᠠᠬᠤ ᠰᠡᠳᠬᠢᠯᠭᠡ ᠪᠠᠷ ᠬᠥᠮᠥᠨ ᠪᠦᠭᠦᠨ ᠣᠷᠣᠯᠴᠠᠵᠤ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠳᠤᠨ ᠭᠤᠣᠯ ᠢ ᠬᠠᠮᠲᠤ ᠪᠠᠷ ᠰᠠᠶᠢᠲᠤᠷ ᠬᠠᠮᠠᠭᠠᠯᠠᠵᠤ᠂ ᠬᠠᠳᠤᠨ ᠭᠤᠣᠯ ᠢᠶᠠᠷ ᠦᠷ᠎ᠡ ᠬᠤᠶᠢᠴᠢᠰ ᠲᠠᠭᠠᠨ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ ᠭᠡᠪᠡ᠃    13 ᠤ ᠦᠳᠡ ᠶᠢᠨ ᠡᠮᠦᠨ᠎ᠡ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠨᠰᠤ ᠶᠢᠨ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃    ᠰᠢ ᠶᠢᠨ ᠫᠢᠩ᠂ ᠭᠠᠨᠰᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠵᠢᠴᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠬᠤ ᠬᠡᠷᠡᠭᠲᠡᠢ᠃ ᠣᠳᠣ ᠦᠶ᠎ᠡ ᠶᠢᠨ ᠬᠦᠢᠲᠡᠨ ᠬᠠᠭᠤᠷᠠᠢ ᠶᠢᠨ ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ ᠲᠠᠷᠢᠶᠠᠯᠠᠩ ᠤᠨ ᠲᠦᠷᠦᠯ ᠲᠡᠮᠳᠡᠭ ᠢ ᠪᠤᠶᠢᠵᠢᠭᠤᠯᠬᠤ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠷᠠᠭᠤᠨ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠡᠩ ᠶᠡᠭᠡ ᠰᠥᠰᠥ ᠵᠣᠷᠢᠭ ᠪᠣᠯᠣᠨ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠥᠮᠥᠨ ᠢᠶᠠᠷ ᠦᠨᠳᠦᠰᠦ ᠪᠤᠯᠭᠠᠬᠤ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠵᠣᠯᠭᠠᠭᠤᠯᠵᠤ᠂ ᠮᠤᠵᠢ ᠣᠷᠣᠨ ᠠᠯᠤᠰᠯᠠᠭᠰᠠᠨ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠲᠡᠯᠡᠶ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠭᠠᠨᠰᠤ ᠶᠢᠨ ᠲᠡᠦᠬᠡ ᠰᠣᠶᠣᠯ ᠤᠨ ᠥᠪ ᠬᠥᠷᠥᠩᠭᠡ ᠭᠦᠨ ᠵᠤᠵᠠᠭᠠᠨ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠶᠤᠮ᠃ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠳ᠋ᠦᠨᠬᠤᠸᠠᠩ ᠤᠨ ᠰᠤᠳᠤᠯᠭᠠᠨ ᠤ ᠬᠦᠷᠢᠶᠡᠯᠡᠩ ᠤᠨ ᠳᠡᠯᠡᠬᠡᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠶᠢᠲᠡᠯᠢᠭ ᠵᠢᠱᠢᠶ᠎ᠡ ᠪᠣᠯᠣᠨ ᠳ᠋ᠦᠨᠬᠤᠸᠠᠩ ᠤᠨ ᠰᠤᠳᠤᠯᠭᠠᠨ ᠤ ᠥᠨᠳᠦᠷᠯᠢᠭ ᠢ ᠪᠦᠲᠦᠭᠡᠨ ᠪᠠᠶᠢᠭᠤᠯᠬᠤ ᠶᠢ ᠲᠡᠮᠵᠢᠵᠤ᠂ ᠤᠷᠳᠤ ᠴᠠᠭᠠᠨ ᠬᠡᠷᠡᠮ᠂ ᠤᠷᠳᠤ ᠵᠠᠮ ᠤᠨ ᠠᠶᠠᠨ ᠲᠠᠶᠢᠨ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠡᠶᠢᠭᠡᠮ ᠤᠨ ᠪᠠᠶᠢᠭᠤᠯᠤᠯᠲᠠ ᠪᠣᠯᠣᠨ ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠠᠵᠢᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠨᠡᠶᠢᠳᠡᠮ ᠤᠨ ᠬᠡᠷᠡᠭᠴᠡᠭᠡ᠂ ᠪᠦᠲᠦᠭᠡᠵᠦ ᠳᠡᠶᠢᠯᠭᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠢ ᠮᠡᠳᠡᠷᠡᠵᠦ ᠳᠡᠶᠢᠯᠭᠦ ᠬᠦᠷᠲᠡᠵᠦ ᠳᠡᠶᠢᠯᠭᠦ ᠶᠢ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠲᠦ ᠴᠢᠨᠠᠷᠲᠠᠢ ᠪᠠᠷ ᠲᠠᠭᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠲᠠᠢ ᠪᠤᠯᠬᠤ ᠠᠴᠠ ᠰᠡᠷᠭᠡᠶᠢᠯᠡᠬᠦ ᠬᠡᠷᠡᠭᠲᠡᠢ᠃ ᠬᠥᠳᠡᠭᠡ ᠲᠣᠰᠬᠤᠨ ᠤ ᠪᠣᠯᠬᠢ ᠪᠦᠳᠦᠭᠦᠯᠢᠭ ᠵᠠᠩ ᠰᠤᠷᠲᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠨᠤᠲᠤᠭ ᠤᠨ ᠪᠣᠯᠪᠠᠰᠤᠨ ᠰᠤᠷᠲᠠᠯ ᠢ ᠪᠤᠶᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ ᠴᠢᠯᠠᠭᠤ ᠬᠤᠷᠠᠭᠰᠠᠨ ᠠᠭᠤᠯᠠᠷᠬᠠᠭ ᠭᠠᠵᠠᠷ ᠤᠨ ᠭᠠᠵᠠᠷ ᠬᠥᠳᠡᠯᠦᠯᠲᠡ ᠶᠢᠨ ᠭᠠᠮᠰᠢᠭᠳᠠᠭᠰᠠᠨ ᠣᠷᠣᠨ ᠵᠡᠷᠭᠡ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠪᠠ ᠭᠠᠮᠰᠢᠭ ᠤᠨ ᠳᠠᠷᠠᠭᠠᠬᠢ ᠰᠡᠷᠭᠦᠭᠡᠨ ᠲᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠢ ᠪᠠᠷ ᠠᠵᠢᠯᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    10 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠨᠰᠤ ᠳᠤ ᠬᠦᠷᠬᠦ ᠵᠠᠮ ᠵᠠᠭᠤᠷ᠎ᠠ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ ᠪᠣᠯᠣᠨ ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠲᠠᠢ ᠪᠠᠷ ᠪᠤᠤ ᠵᠢᠢ ᠬᠤᠳᠠ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠪᠤᠤ ᠵᠢᠢ ᠶᠢᠨ ᠬᠦᠷᠡᠯ ᠵᠡᠪᠰᠡᠭ ᠤᠨ ᠮᠦᠽᠧᠢ ᠶᠢ ᠲᠣᠭᠤᠷᠢᠨ ᠦᠵᠡᠪᠡ᠃ ᠲᠡᠷᠡ᠂ ᠮᠠᠨ ᠤ ᠤᠯᠤᠰ ᠤᠨ ᠬᠦᠷᠡᠯ ᠵᠡᠪᠰᠡᠭ ᠤᠨ ᠪᠣᠯᠪᠠᠰᠤᠨ ᠥᠨᠢ ᠤᠳᠠᠭᠠᠨ᠂ ᠭᠡᠷᠡᠯ ᠰᠠᠴᠤᠷᠠᠩᠭᠤᠢ ᠲᠡᠦᠬᠡ ᠲᠠᠢ ᠪᠠᠶᠢᠵᠤ᠂ ᠳᠡᠯᠡᠬᠡᠢ ᠶᠢᠨ ᠪᠣᠯᠪᠠᠰᠤᠨ ᠤ ᠲᠡᠦᠬᠡᠨ ᠳᠡᠭᠡᠷ᠎ᠡ ᠥᠪᠡᠷᠮᠢᠴᠡ ᠤᠨᠴᠠᠭᠠᠢ ᠲᠤᠭ ᠲᠡᠮᠳᠡᠭ ᠪᠤᠯᠬᠤ ᠶᠤᠮ ᠃ ᠬᠦᠷᠡᠯ ᠵᠡᠪᠰᠡᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠤᠳᠤᠯᠬᠤ ᠪᠠ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠪᠦᠭᠦ ᠨᠡᠶᠢᠭᠡᠮ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ ᠪᠣᠯᠣᠨ ᠳᠤᠮᠳᠠᠳᠤ ᠶᠢᠨ ᠪᠣᠯᠪᠠᠰᠤᠨ ᠳᠤ ᠬᠠᠶᠢᠷ᠎ᠠ ᠰᠡᠳᠬᠢᠯᠭᠡ ᠶᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠪᠠᠰᠠ ᠸᠧᠢ ᠾᠧ ᠭᠤᠣᠯ ᠤᠨ ᠠᠮᠢ ᠠᠬᠤᠢ ᠶᠢᠨ ᠴᠡᠴᠡᠷᠯᠢᠭ ᠢ ᠪᠠᠶᠢᠴᠠᠭᠠᠨ ᠦᠵᠡᠪᠡ᠃    ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    9 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠢ ᠶᠢᠨ ᠫᠢᠩ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ ᠠᠵᠢᠯᠲᠠᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠾᠧ ᠸᠧᠢ ᠳ᠋ᠦᠩ ᠪᠠᠷ᠎ᠠ ᠪᠣᠯᠵᠤ ᠭᠥᠯᠢᠶᠡᠨ ᠠᠪᠴᠤ ᠠᠭᠤᠯᠵᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号