ᠲᠦᠷᠦ ᠶᠢᠨ ᠶᠠᠪᠤᠳᠠᠯ ᠤᠨ ᠬᠤᠷᠢᠶ᠎ᠠ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠠᠶᠤᠯ ᠲᠦᠭᠰᠢᠭᠦᠷᠢ ᠶᠢ ᠰᠡᠷᠭᠡᠶᠢᠯᠡᠵᠦ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/9/17
   ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠠᠶᠤᠯ ᠲᠦᠭᠰᠢᠭᠦᠷᠢ ᠶᠢ ᠰᠡᠷᠭᠡᠶᠢᠯᠡᠵᠦ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠤᠳ︾ ︵ᠳᠣᠷᠣᠭᠰᠢ ︽ᠰᠠᠨᠠᠯ ᠤᠳ︾ ᠭᠡᠵᠦ ᠳᠦᠭᠦᠮᠴᠢᠯᠡᠨ᠎ᠠ︶ ᠶᠢ ᠳᠠᠷᠤᠮᠠᠯᠯᠠᠨ ᠲᠠᠷᠬᠠᠭᠠᠪᠠ᠃   ︽ᠰᠠᠨᠠᠯ ᠤᠳ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ᠂ ᠠᠷᠠᠳ ᠲᠦᠮᠡᠨᠴᠢ ᠴᠢᠨᠠᠷ ᠢ ᠪᠠᠲᠤ ᠰᠠᠬᠢᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠳᠠᠭᠠᠳᠬᠠᠯ ᠤᠨ ᠦᠢᠯᠡᠰ ᠤᠨ ᠠᠵᠤ ᠠᠬᠤᠶ ᠶᠢᠨ ᠬᠡᠯᠪᠡᠯᠵᠡᠯᠳᠡ ᠶᠢ ᠨᠠᠮᠳᠠᠭᠤᠯᠤᠭᠴᠢ ᠪᠠ ᠨᠡᠶᠢᠭᠡᠮ ᠤᠨ ᠲᠤᠭᠳᠠᠪᠤᠷᠢᠵᠢᠭᠤᠯᠤᠭᠴᠢ ᠪᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠳᠠᠭᠠᠳᠬᠠᠯ ᠤᠨ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠠ ᠶᠢ ᠶᠡᠭᠡ ᠪᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠦᠢᠯᠡᠴᠢᠯᠡᠨ᠎ᠡ᠃   ︽ᠰᠠᠨᠠᠯ ᠤᠳ︾ ᠲᠤ᠂ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠠᠭᠤᠯᠤᠭᠳᠠᠬᠤᠨ ᠢ ᠭᠦᠨᠵᠡᠭᠡᠶ ᠡᠵᠡᠮᠳᠡᠵᠦ᠂ ᠦᠢᠯᠡᠴᠢᠯᠡᠭᠡ ᠶᠢ ᠤᠷᠢᠳ ᠢᠶᠠᠷ ᠪᠣᠳᠣᠯᠬᠢᠯᠠᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠵᠤ ᠠᠬᠤᠶ ᠶᠢᠨ ᠠᠮᠤᠷ ᠲᠦᠪᠰᠢᠨ ᠤ ᠲᠤᠤᠷ᠂ ᠨᠡᠶᠢᠭᠡᠮ ᠤᠨ ᠪᠠᠲᠤᠯᠠᠭ᠎ᠠ ᠶᠢᠨ ᠲᠤᠤᠷ ᠪᠠ ᠭᠠᠮᠰᠢᠭ ᠢ ᠰᠡᠷᠭᠡᠶᠢᠯᠡᠨ ᠡᠵᠡᠮᠳᠡᠬᠦ ᠲᠤᠤᠷ ᠢ ᠪᠠᠲᠤ ᠴᠣᠭᠴᠠᠯᠠᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃ 2029 ᠣᠨ ᠪᠣᠯᠬᠤ ᠳᠤ᠂ ᠬᠠᠮᠤᠷᠬᠤ ᠬᠡᠪᠴᠢᠶ᠎ᠡ ᠨᠢ ᠲᠣᠭᠲᠠᠭᠤᠨ ᠢᠶᠠᠷ ᠥᠷᠭᠡᠳᠦᠭᠰᠡᠨ᠂ ᠪᠠᠲᠤᠯᠠᠭ᠎ᠠ ᠨᠢ ᠡᠳᠦᠷ ᠢᠷᠡᠬᠦᠶ᠎ᠡ ᠪᠦᠷᠢᠨᠰᠢᠭᠰᠡᠨ᠂ ᠦᠢᠯᠡᠴᠢᠯᠡᠭᠡ ᠨᠢ ᠦᠷᠭᠦᠯᠵᠢᠯᠡᠨ ᠰᠠᠶᠢᠵᠢᠷᠠᠭᠰᠠᠨ᠂ ᠡᠳ᠋ ᠬᠥᠷᠥᠩᠭᠡ ᠶᠢᠨ ᠲᠣᠬᠢᠷᠠᠭᠤᠯᠤᠯᠲᠠ ᠨᠢ ᠯᠠᠪᠳᠠᠭᠤᠨ ᠪᠥᠭᠡᠳ ᠲᠡᠩᠴᠡᠭᠦᠷᠢᠲᠡᠢ᠂ ᠳᠥᠯᠥᠬᠦ ᠴᠢᠳᠠᠪᠤᠷᠢ ᠨᠢ ᠭᠦᠢᠴᠡᠳ᠂ ᠵᠠᠰᠠᠯᠲᠠ ᠪᠠ ᠳᠣᠲᠣᠭᠠᠳᠤ ᠡᠵᠡᠮᠳᠡᠯ ᠨᠢ ᠪᠦᠷᠢᠨ ᠲᠡᠭᠦᠯᠳᠡᠷ ᠪᠥᠭᠡᠳ ᠪᠦᠲᠦᠮᠵᠢᠲᠡᠶ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠦᠳᠦᠭᠦᠪᠴᠢ ᠲᠦᠰᠦᠪ ᠢ ᠠᠩᠬ᠎ᠠ ᠠᠯᠬᠤᠮ ᠪᠦᠷᠢᠯᠳᠦᠭᠦᠯᠬᠦ ᠬᠡᠷᠡᠭᠳᠠᠢ᠃ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠰᠢᠰᠲᠤᠮ ᠢ ᠨᠡᠩ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠣᠯᠤᠨ ᠪᠦᠲᠦᠮᠵᠢᠲᠦ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠳᠠᠢ᠃ 2035 ᠣᠨ ᠪᠣᠯᠬᠤ ᠳᠤ᠂ ᠵᠠᠬ᠎ᠠ ᠳᠡᠯᠭᠡᠭᠦᠷ ᠤᠨ ᠰᠢᠰᠲ᠋ᠧᠮ ᠪᠦᠷᠢᠨ ᠲᠡᠭᠦᠯᠳᠡᠷ᠂ ᠦᠢᠯᠡᠳᠬᠦᠨ ᠪᠠ ᠦᠢᠯᠡᠴᠢᠯᠡᠭᠡ ᠨᠢ ᠡᠯᠪᠡᠭ ᠪᠠᠶᠠᠯᠢᠭ ᠤᠯᠠᠨ ᠶᠠᠩᠵᠤ ᠶᠢᠨ᠂ ᠬᠢᠨᠠᠯᠲᠠ ᠬᠠᠮᠢᠶᠠᠷᠤᠯᠲᠠ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ᠂ ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠢᠶᠠᠷ ᠨᠡᠯᠢᠶᠡᠳ ᠴᠢᠩᠭ᠎ᠠ ᠳᠠᠭᠠᠳᠬᠠᠯ ᠤᠨ ᠦᠢᠯᠡᠰ ᠤᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠬᠦ ᠬᠡᠷᠡᠭᠳᠠᠢ ᠭᠡᠵᠤ ᠳᠤᠷᠠᠳᠴᠠᠢ᠃   ︽ᠰᠠᠨᠠᠯ ᠤᠳ︾ ᠲᠤ᠂ ᠳᠠᠭᠠᠳᠬᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠳᠠᠭᠠᠳᠬᠠᠯ ᠤᠨ ᠪᠠᠶᠢᠭᠤᠯᠤᠮᠵᠢ ᠶᠢᠨ ᠦᠷᠭᠦᠯᠵᠢᠯᠡᠨ ᠬᠢᠨᠠᠨ ᠬᠠᠮᠢᠶᠠᠷᠬᠤ ᠶᠢ ᠴᠢᠩᠳᠠᠯᠠᠵᠤ᠂ ᠳᠠᠭᠠᠳᠬᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠳᠠᠭᠠᠳᠬᠠᠯ ᠤᠨ ᠦᠢᠯᠡᠰ ᠤᠨ ᠠᠶᠤᠯ ᠲᠦᠭᠰᠢᠭᠦᠷᠢ ᠶᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ ᠬᠦᠨᠳᠦ ᠭᠠᠮᠰᠢᠭ ᠤᠨ ᠳᠠᠭᠠᠳᠬᠠᠯ ᠤᠨ ᠪᠠᠲᠤᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠶ ᠬᠥᠭᠵᠢᠭᠦᠯᠵᠦ᠂ ᠡᠷᠡᠭᠦᠯ ᠮᠡᠨᠳᠦ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠰᠢᠰᠲ᠋ᠧᠮ ᠢ ᠪᠦᠷᠢᠨᠰᠢᠭᠦᠯᠵᠦ᠂ ᠳᠠᠭᠠᠳᠬᠠᠯ ᠤᠨ ᠦᠢᠯᠡᠰ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠦᠢᠯᠡᠴᠢᠯᠡᠬᠦ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠦᠢᠯᠡᠴᠢᠯᠡᠵᠦ᠂ ᠳᠠᠭᠠᠳᠬᠠᠯ ᠤᠨ ᠪᠡᠯᠡ ᠮᠥᠩᠭᠦ ᠶᠢᠨ ᠤᠷᠳᠤ ᠬᠤᠭᠤᠴᠠᠭᠠᠨ ᠤ ᠪᠡᠯᠡ ᠣᠷᠣᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠳᠠᠭᠠᠳᠬᠠᠯ ᠤᠨ ᠦᠢᠯᠡᠰ ᠤᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠤᠨ ᠵᠠᠬ᠎ᠠ ᠳᠡᠯᠭᠡᠭᠦᠷ ᠤᠨ ᠰᠢᠰᠲ᠋ᠧᠮ ᠢ ᠦᠷᠭᠦᠯᠵᠢᠯᠡᠨ ᠪᠦᠷᠢᠨᠰᠢᠬᠦᠯᠵᠤ᠂ ᠳᠠᠭᠠᠳᠬᠠᠯ ᠤᠨ ᠦᠢᠯᠡᠰ ᠤᠨ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠦᠢᠯᠡᠳᠬᠦᠨ ᠤ ᠦᠨ᠎ᠡ ᠬᠠᠩᠰᠢ ᠲᠣᠭᠲᠠᠭᠠᠬᠤ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠲᠣᠭᠠᠴᠢᠯᠠᠭᠰᠠᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠳᠠᠭᠠᠳᠬᠠᠯ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠲᠥᠪ ᠪᠠ ᠣᠷᠣᠨ ᠨᠤᠲᠤᠭ ᠤᠨ ᠬᠠᠮᠵᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠶᠠᠮᠤᠨ ᠤ ᠬᠤᠭᠤᠷᠣᠨᠳᠣᠬᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号