ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠪᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/17
   9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠪᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠨ ᠥᠭᠡᠷᠡᠴᠢᠯᠡᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠪᠠ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠮᠥᠨ ᠠᠮᠠ ᠶᠢᠨ ᠬᠤᠪᠢᠷᠠᠯᠲᠠ ᠲᠠᠢ ᠬᠠᠷᠢᠯᠴᠠᠨ ᠵᠣᠬᠢᠴᠠᠯᠳᠤᠭᠰᠠᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠴᠠᠯᠢᠩ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠪᠠ ᠰᠤᠷᠭᠠᠨ ᠬᠥᠮᠦᠵᠢᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯᠳᠠᠯᠭ᠎ᠠ ᠨᠢ ᠬᠠᠮᠠᠭᠠᠯᠠᠬᠤ ᠳᠤ ᠪᠠᠶᠢᠬᠤ᠂ ᠭᠤᠣᠯᠳᠠᠯᠭ᠎ᠠ ᠨᠢ ᠵᠠᠰᠠᠬᠤ ᠳᠤ ᠪᠠᠶᠢᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠡᠯ᠎ᠡ ᠵᠦᠢᠯ ᠤᠨ ᠡᠭᠦᠷᠭᠡ ᠶᠢ ᠢᠮᠠᠭᠲᠠ ᠪᠣᠳᠠᠲᠠᠢ ᠨᠠᠷᠢᠯᠢᠭ ᠠᠳᠬᠤᠬᠤ ᠬᠡᠷᠡᠭᠲᠡᠢ᠃ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠡᠯ᠎ᠡ ᠲᠦᠷᠦᠯ ᠤᠨ ᠠᠰᠠᠭᠤᠳᠠᠯ ᠢ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠠᠷ ᠰᠠᠶᠢᠲᠤᠷ ᠬᠡᠷᠡᠭᠯᠡᠬᠦ ᠬᠡᠷᠡᠭᠲᠡᠢ᠃ ᠠᠷᠪᠠᠨ ᠶᠡᠭᠡ ᠬᠥᠨᠳᠡᠢ ᠶᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠶᠢ ᠲᠦᠷᠭᠡᠳᠬᠡᠵᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠲᠤᠰ ᠪᠡᠶ᠎ᠡ ᠶᠢᠨ ᠠᠰᠠᠭᠤᠳᠠᠯ ᠠᠴᠠ ᠪᠠᠨ ᠡᠬᠢᠯᠡᠨ ᠥᠭᠡᠷᠡᠴᠢᠯᠡᠵᠦ ᠬᠤᠷᠳᠤᠴᠠ ᠪᠠᠨ ᠲᠦᠷᠭᠡᠳᠬᠡᠵᠦ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠵᠦ ᠭᠠᠳᠠᠭᠠᠳᠤ ᠠᠷᠠᠯᠵᠢᠶᠠᠨ ᠤ ᠪᠠᠭᠲᠠᠭᠠᠮᠵᠢ ᠶᠢ ᠥᠷᠭᠡᠳᠬᠡᠬᠦ ᠬᠡᠷᠡᠭᠲᠡᠢ᠃ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠬᠥᠮᠥᠨ ᠠᠮᠠ᠂ ᠠᠵᠤ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠵᠡᠷᠭᠡ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠬᠦ ᠬᠡᠷᠡᠭᠲᠡᠢ᠃ ᠰᠣᠶᠣᠯ ᠤᠨ ᠲᠣᠮᠣ ᠣᠷᠣᠨ ᠤ ᠳᠠᠪᠠᠭᠤᠯᠢᠭ ᠢ ᠪᠠᠳᠠᠷᠠᠭᠤᠯᠵᠤ᠂ ︽ᠬᠠᠳᠤᠨ ᠭᠤᠣᠯ ᠤᠨ ᠦᠯᠢᠭᠡᠷ︾ ᠤᠨ ᠥᠪᠥᠷ ᠮᠣᠩᠭᠤᠯ ᠤᠨ ᠬᠠᠭᠤᠳᠠᠰᠤ ᠶᠢ ᠰᠠᠶᠢᠲᠤᠷ ᠬᠦᠦᠷᠨᠢᠬᠦ ᠬᠡᠷᠡᠭᠲᠡᠢ᠃ ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠵᠢᠯ ᠢᠯᠠᠩᠭᠤᠶ᠎ᠠ ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ ᠪᠣᠯᠣᠨ ᠱᠠᠨᠰᠢ ᠶᠢᠨ ᠪᠤᠤ ᠵᠢᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠡᠨᠧᠷᠭᠢ᠂ ᠨᠡᠭᠦᠷᠡᠰᠦ᠂ ᠬᠤᠪᠣᠷ ᠰᠢᠷᠣᠢ᠂ ᠲᠠᠷᠢᠶᠠᠯᠠᠩ ᠮᠠᠯ ᠠᠵᠤ ᠠᠬᠤᠢ᠂ ᠲᠣᠮᠣ ᠳ᠋ᠠᠶᠢᠲ᠋ᠠ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠪᠦᠲᠦᠴᠡ ᠶᠢᠨ ︽ᠳᠥᠷᠪᠡᠨ ᠣᠯᠠᠨ ᠳᠥᠷᠪᠡᠨ ᠴᠥᠭᠡᠨ︾ ᠪᠠᠶᠢᠳᠠᠯ ᠢ ᠲᠦᠷᠭᠡᠳᠬᠡᠨ ᠬᠤᠪᠢᠷᠠᠭᠤᠯᠬᠤ ᠬᠡᠷᠡᠭᠲᠡᠢ᠃ ᠰᠣᠶᠣᠯ ᠤᠨ ᠥᠪ ᠢ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠶᠢ ᠴᠢᠩᠭᠠᠳᠬᠠᠵᠤ᠂ ᠲᠡᠭᠦᠨ ᠤ ᠲᠡᠦᠬᠡ ᠶᠢᠨ ᠦᠨ᠎ᠡ ᠥᠷᠲᠡᠭ ᠪᠣᠯᠣᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠲᠣᠳᠣᠷᠬᠠᠶᠢᠯᠠᠨ ᠥᠭᠦᠯᠡᠵᠦ᠂ ᠡᠪᠦᠭᠡ ᠳᠡᠭᠡᠳᠦᠰ ᠤᠨ ᠣᠶᠤᠨ ᠤᠬᠠᠭᠠᠨ ᠪᠣᠯᠣᠨ ᠡᠭᠦᠳᠦᠨ ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠨᠡᠩ ᠰᠠᠶᠢᠲᠤᠷ ᠤᠷᠮᠠᠰᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠣᠷᠣᠨ ᠤ ᠭᠠᠳᠠᠭᠠᠳᠤ ᠰᠣᠯᠢᠯᠴᠠᠭ᠎ᠠ ᠶᠢ ᠥᠷᠭᠡᠳᠬᠡᠬᠦ᠂ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号