ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/17
   9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠴᠡᠭᠡᠷᠯᠡᠯ ᠪᠤᠯᠭᠠᠵᠤ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠢ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠳᠣᠣᠷ᠎ᠠ ᠳᠤᠯᠠᠭᠠᠨ᠂ ᠬᠢᠷᠠᠭᠤ ᠬᠥᠯᠳᠡᠭᠦᠦ᠂ ᠪᠣᠷᠣᠭᠠᠨ ᠴᠠᠰᠤ᠂ ᠦᠶᠡᠷ ᠤᠰᠤᠲᠤᠯ ᠢ ᠰᠡᠷᠭᠡᠶᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠪᠣᠯᠣᠨ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠲᠠᠢ ᠤᠶᠠᠯᠳᠤᠭᠤᠯᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠳ᠋ ᠤᠨ ᠵᠠᠰᠠᠭ ᠤᠨ ᠲᠠᠯ᠎ᠠ ᠶᠢᠨ ᠬᠢᠨᠠᠨ ᠪᠣᠳᠣᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠰᠲ᠋ᠧᠮ ᠤᠨ ᠴᠢᠨᠠᠷᠲᠠᠢ ᠪᠠᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠣᠷᠣᠭᠤᠯᠵᠤ᠂ ︽ᠠᠯᠳᠠᠭ᠎ᠠ ᠪᠤᠷᠤᠭᠤ ᠶᠢ ᠵᠠᠯᠠᠷᠠᠭᠤᠯᠬᠤ︾ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢ ᠠᠬᠢᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠤᠯᠤᠰ ᠤᠨ ᠲᠤᠭ ᠤᠨ ᠬᠠᠮᠢᠶᠠᠷᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠲᠤᠭ ᠢ ᠵᠣᠬᠢᠶᠠᠬᠤ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠨ ᠠᠪᠬᠤ ᠡᠯ᠎ᠡ ᠭᠤᠭᠴᠤᠭ᠎ᠠ ᠶᠢ ᠴᠢᠩᠭ᠎ᠠ ᠵᠢᠷᠤᠮᠵᠢᠭᠤᠯᠵᠤ᠂ ᠨᠡᠶᠢᠭᠡᠮ ᠳᠠᠶᠠᠭᠠᠷ ᠲᠤ ᠤᠯᠤᠰ ᠤᠨ ᠲᠤᠭ ᠢ ᠬᠦᠨᠳᠦᠳᠬᠡᠬᠦ᠂ ᠤᠯᠤᠰ ᠤᠨ ᠲᠤᠭ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠲᠠᠮᠢᠷᠴᠢᠨ ᠳᠠᠰᠬᠠᠯᠵᠢᠭᠤᠯᠤᠭᠴᠢ ᠶᠢᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠵᠤ ᠣᠯᠣᠭᠰᠠᠨ ᠬᠢᠷᠢ ᠪᠦᠲᠦᠮᠵᠢ ᠶᠢ ᠱᠠᠩᠨᠠᠬᠤ ᠲᠤᠬᠠᠢ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号