ᠰᠢ ᠶᠢᠨ ᠫᠢᠩ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠵᠠᠮ ᠤᠨ ᠢᠲᠡᠭᠡᠯ ᠣᠨᠣᠯ ᠤᠨ ᠢᠲᠡᠭᠡᠯ ᠪᠠᠶᠢᠭᠤᠯᠤᠯ ᠤᠨ ᠢᠲᠡᠭᠡᠯ ᠰᠣᠶᠣᠯ ᠤᠨ ᠢᠲᠡᠭᠡᠯ ᠢᠶᠠᠨ ᠪᠠᠲᠤᠳᠬᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠦᠷᠭᠦᠯᠵᠢᠯᠡᠨ ᠰᠠᠶᠢᠲᠤᠷ ᠪᠠᠷᠢᠮᠲᠠᠯᠠᠨ ᠰᠠᠶᠢᠲᠤᠷ ᠲᠡᠭᠦᠯᠳᠡᠷᠵᠢᠭᠦᠯᠵᠦ ᠰᠠᠶᠢᠲᠤᠷ ᠶᠠᠪᠤᠭᠳᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/9/17
   ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠵᠣᠣ ᠯᠧ ᠵᠢᠶ ᠬᠤᠷᠠᠯ ᠢ ᠡᠷᠭᠢᠯᠡᠵᠠᠢ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 14 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠠᠮ ᠤᠨ ᠢᠲᠡᠭᠡᠯ᠂ ᠤᠨᠤᠯ ᠤᠨ ᠢᠲᠡᠭᠡᠯ ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠶᠠᠪᠤᠭᠳᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠨᠠᠮ ᠪᠣᠯᠤᠨ ᠠᠷᠠᠳ ᠲᠦᠮᠡᠨ ᠤ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠶᠡᠭᠡ ᠬᠤᠷᠠᠯ ᠢ ᠡᠷᠬᠢᠯᠡᠪᠡ᠃   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠡᠬᠢᠯᠡᠪᠡ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠲᠡᠰᠪᠦᠷᠢ ᠬᠠᠲᠠᠭᠤᠵᠢᠯᠲᠠᠢ ᠰᠦᠪᠡᠭᠴᠢᠯᠡᠵᠦ ᠤᠷᠳᠤ ᠬᠤᠭᠤᠴᠠᠭ᠎ᠠ ᠪᠠᠷ ᠲᠡᠮᠡᠴᠡᠵᠦ ᠤᠯᠤᠬᠰᠠᠨ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠬᠥᠷᠥᠰᠥ ᠰᠢᠷᠣᠢ ᠠᠴᠠ ᠬᠦᠪᠦᠷᠡᠨ ᠪᠤᠶᠢᠵᠢᠬᠰᠠᠨ ᠴᠣ ᠰᠢᠨ᠎ᠡ ᠤᠯᠤᠰ ᠲᠦᠷᠦ ᠶᠢᠨ ᠪᠠᠶᠢᠭᠤᠯᠤᠯ ᠮᠥᠨ᠂ ᠬᠥᠮᠦᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ ᠳᠡᠭᠡᠷᠡᠬᠢ ᠠᠭᠤᠤ ᠶᠡᠭᠡ ᠡᠭᠦᠳᠦᠯᠲᠡ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠪᠠᠶᠢᠭᠤᠯᠤᠭᠳᠠᠭᠰᠠᠨ ᠨᠢ ᠳᠤᠮᠳᠠᠳᠤ ᠤᠯᠤᠰ ᠤᠨ ᠤᠯᠤᠰ ᠲᠦᠷᠦ ᠨᠢ ᠴᠥᠭᠡᠨ ᠲᠣᠭᠠᠨ ᠤ ᠬᠥᠮᠦᠨ ᠵᠠᠰᠠᠭ ᠤᠨ ᠡᠷᠬᠡ ᠶᠢ ᠡᠵᠡᠮᠰᠢᠵᠦ᠂ ᠵᠣᠩᠬᠢᠯᠠᠬᠤ ᠤᠯᠠᠨ ᠲᠣᠭᠠᠨ ᠤ ᠬᠥᠮᠦᠨ ᠳᠠᠷᠤᠯᠠᠭᠳᠠᠨ ᠮᠥᠯᠵᠢᠭᠳᠡᠵᠦ ᠪᠠᠶᠢᠭᠰᠠᠨ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠳᠤᠷᠢᠳᠴᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠤᠯᠤᠭᠰᠠᠨ ᠠᠭᠤᠤ ᠶᠡᠭᠡ ᠦᠰᠦᠷᠦᠯᠳᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠤᠯᠤᠰ ᠲᠦᠷᠦ ᠶᠢᠨ ᠪᠠᠶᠢᠭᠤᠯᠤᠯ ᠤᠨ ᠠᠭᠤᠤ ᠶᠡᠭᠡ ᠬᠤᠪᠢᠰᠤᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ 70 ᠵᠢᠯ ᠤᠨ ᠲᠤᠷᠰᠢ ᠨᠠᠮ ᠤᠨ ᠤᠳᠤᠷᠢᠳᠤᠯᠭ᠎ᠠ ᠳᠤᠤᠷ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠮᠠᠨ ᠤ ᠤᠯᠤᠰ ᠤᠨ ᠢᠮᠠᠭᠲᠠ ᠨᠡᠶᠢᠭᠡᠮ ᠵᠢᠷᠤᠮ ᠤᠨ ᠵᠠᠮ ᠢᠶᠠᠷ ᠤᠷᠤᠭᠰᠢᠯᠠᠬᠤ ᠶᠢ ᠪᠦᠲᠦᠮᠵᠢᠲᠡᠶ ᠪᠠᠲᠤᠯᠠᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠬᠠᠤᠯᠢ ᠶᠣᠰᠣᠭᠠᠷ ᠪᠦᠲᠦᠮᠵᠢᠲᠡᠢ ᠪᠠᠷ ᠲᠦᠷᠦ ᠶᠢ ᠵᠠᠰᠠᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ᠂ ᠤᠯᠤᠰ ᠤᠨ ᠤᠯᠤᠰ ᠲᠦᠷᠦ ᠶᠢᠨ ᠠᠮᠢᠳᠤᠷᠠᠯ ᠤᠨ ᠠᠮᠢᠵᠢᠷᠠᠯ ᠤᠨ ᠬᠦᠴᠦᠨ ᠢᠶᠠᠷ ᠪᠢᠯᠬᠠᠬᠰᠠᠨ ᠪᠥᠭᠡᠳ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢᠵᠢᠭᠤᠯᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠵᠡᠷᠭᠡ ᠲᠠᠯ᠎ᠠ ᠪᠠᠷ ᠢᠯᠡᠷᠬᠡᠢ ᠤᠯᠤᠰ ᠲᠦᠷᠦ ᠶᠢᠨ ᠳᠠᠪᠠᠭᠤᠯᠢᠭ ᠢ ᠢᠯᠡᠷᠡᠭᠦᠯᠵᠦ᠂ ᠠᠵᠤ ᠠᠬᠤᠶ ᠶᠢᠨ ᠲᠦᠷᠭᠡᠨ ᠬᠥᠭᠵᠢᠯᠲᠡ ᠪᠣᠯᠤᠨ ᠨᠡᠶᠢᠭᠡᠮ ᠤᠨ ᠣᠷᠳᠣ ᠬᠤᠭᠤᠴᠠᠭᠠᠨ ᠤ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠬᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠳᠤ ᠨᠡᠶᠢᠴᠡᠭᠰᠡᠨ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠦᠭᠰᠡᠨ ᠰᠠᠶᠢᠨ ᠪᠠᠶᠢᠭᠤᠯᠤᠯ ᠮᠥᠨ᠂ ᠪᠦᠬᠦ ᠠᠷᠠᠳ ᠲᠦᠮᠡᠨ ᠤ ᠬᠦᠴᠦᠨ ᠢ ᠪᠦᠲᠦᠮᠵᠢᠲᠡᠢ ᠨᠢᠭᠲᠠᠷᠠᠭᠤᠯᠵᠤ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠴᠢᠳᠠᠬᠤ ᠰᠠᠶᠢᠨ ᠪᠠᠶᠢᠭᠤᠯᠤᠯ ᠮᠥᠨ ᠬᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠬᠡᠵᠦ ᠴᠢᠬᠤᠯᠠᠴᠢᠯᠡᠪᠡ᠃   ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠨᠠᠮ ᠲᠡᠦᠬᠡ ᠶᠢᠨ ᠰᠢᠨ᠎ᠡ ᠣᠷᠣᠨ ᠪᠠᠶᠢᠷᠢ ᠳᠤ ᠰᠠᠭᠤᠷᠢᠯᠠᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠰᠢᠨ᠎ᠡ ᠬᠤᠪᠢᠷᠠᠯᠲᠠ ᠶᠢ ᠭᠦᠨᠵᠡᠭᠡᠶ ᠡᠵᠡᠮᠰᠢᠵᠤ᠂ ᠠᠷᠠᠳ ᠣᠯᠠᠨ ᠤ ᠠᠷᠠᠳᠴᠢᠯᠠᠯ ᠬᠠᠤᠯᠢ ᠪᠠᠷ ᠵᠠᠰᠠᠬᠤ ᠲᠤᠬᠠᠢ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ ᠥᠭᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠠᠵᠢᠯ ᠤᠨ ᠳᠦᠷᠢᠮ ᠢ ᠪᠦᠷᠢᠨᠰᠢᠭᠦᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠪᠠ᠃ ᠪᠢᠳᠡ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠳᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠨᠤᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠮᠥᠨ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠪᠠᠶᠢᠭᠤᠯᠤᠯ ᠤᠨ ᠰᠢᠰᠲ᠋ᠧᠮ ᠢᠶᠠᠷ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠶᠢ ᠪᠠᠷᠢᠮᠲᠠᠯᠠᠵᠤ᠂ ᠡᠷᠬᠡᠪᠰᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠡᠷᠬᠡᠪᠰᠢ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠡᠷᠬᠡᠪᠰᠢ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠪᠠᠷᠢᠮᠲᠠᠯᠠᠵᠤ᠂ ᠡᠷᠬᠡᠪᠰᠢ ︽ᠲᠦᠷᠪᠡᠨ ᠪᠠᠶᠢᠭᠤᠯᠭ᠎ᠠ︾ ᠶᠢᠨ ᠱᠠᠭᠠᠷᠳᠠᠯᠭ᠎ᠠ ᠶᠣᠰᠣᠭᠠᠷ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠬᠤ ᠶᠢ ᠴᠢᠬᠤᠯᠠᠴᠢᠯᠠᠪᠠ᠃ ᠡᠳᠡᠭᠡᠷ ᠰᠢᠷᠢᠰ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠨᠢ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ ᠬᠡᠵᠦ ᠵᠢᠭᠠᠵᠤ ᠭᠠᠷᠭᠠᠪᠠ᠃   ᠰᠢ ᠶᠢᠨ ᠫᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠬᠠᠤᠯᠢ ᠴᠠᠭᠠᠵᠠ ᠶᠢ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠬᠠᠤᠯᠢ ᠲᠦᠷᠢᠮ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠡᠷᠡᠰ ᠬᠠᠮᠠᠭᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠵᠤ᠂ ᠤᠯᠤᠰ ᠤᠨ ᠡᠯ᠎ᠠ ᠪᠠᠶᠢᠭᠤᠯᠭ᠎ᠠ ᠦᠨᠳᠦᠰᠦᠨ ᠬᠠᠤᠯᠢ ᠬᠠᠤᠯᠢ ᠴᠠᠭᠠᠵᠠ ᠶᠢᠨ ᠬᠡᠪᠴᠢᠶᠡᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠢᠶᠠᠨ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠠᠵᠢᠯ ᠳᠠᠬᠢ ᠭᠤᠣᠯᠯᠠᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ ᠤᠨ ᠬᠤᠷᠢᠶ᠎ᠠ ᠤᠳᠤᠷᠢᠳᠤᠭᠰᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠭᠤᠣᠯᠯᠠᠨ ᠤᠳᠤᠷᠢᠳᠤᠭᠰᠠᠨ᠂ ᠵᠠᠰᠠᠭ ᠤᠨ ᠣᠷᠳᠣᠨ ᠲᠦᠰᠢᠭ ᠪᠤᠯᠤᠬᠰᠠᠨ᠂ ᠡᠯ᠎ᠡ ᠲᠠᠯ᠎ᠠ ᠶᠢᠨ ᠬᠢᠨ ᠣᠷᠣᠯᠴᠠᠭᠰᠠᠨ ᠬᠠᠤᠯᠢ ᠲᠣᠭᠲᠠᠭᠠᠬᠤ ᠠᠵᠢᠯ ᠤᠨ ᠪᠠᠶᠢᠷᠢᠰᠢᠯ ᠢ ᠪᠠᠷᠢᠮᠲᠠᠯᠠᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠭᠠᠳᠠᠭᠠᠳᠤ ᠳᠤ ᠬᠤᠯᠪᠣᠭᠳᠠᠬᠤ ᠬᠦᠷᠢᠶ᠎ᠠ ᠴᠠᠷᠠᠭ᠎ᠠ ᠶᠢᠨ ᠬᠠᠤᠯᠢ ᠲᠣᠭᠲᠠᠭᠠᠬᠤ ᠢᠢ ᠴᠢᠩᠭᠠᠳᠬᠠᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠷᠬᠡ ᠶᠢᠨ ᠲᠥᠪ ᠭᠤᠣᠯᠴᠢ᠂ ᠲᠣᠬᠢᠶᠠᠯ ᠤᠨ ᠲᠥᠪ ᠭᠤᠣᠯᠴᠢ᠂ ᠲᠦᠷᠢᠮ ᠤᠨ ᠲᠥᠪ ᠭᠤᠣᠯᠴᠢ ᠶᠢ ᠢᠯᠡᠷᠡᠭᠦᠯᠬᠦ ᠬᠠᠤᠯᠢ ᠴᠠᠭᠠᠵᠠ ᠶᠢᠨ ᠲᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠠᠷᠠᠳ ᠢᠷᠭᠡᠳ ᠤᠨ ᠡᠯ᠎ᠡ ᠵᠦᠢᠯ ᠤᠨ ᠡᠷᠬᠡ ᠠᠰᠢᠭ ᠢ ᠪᠠᠳᠤᠯᠠᠬᠤ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号