ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/18
   9 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠤ ᠭᠤᠸᠠᠩᠳᠦ᠋ᠩ ᠵᠡᠷᠭᠡ ᠭᠠᠵᠠᠷ ᠤᠨ ᠲᠠᠶᠢᠹᠤᠩ ᠰᠠᠯᠬᠢᠨ ᠤ ᠭᠠᠮᠰᠢᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠰᠠᠭᠤᠷᠢ ᠶᠢ ᠰᠠᠶᠢᠲᠤᠷ ᠲᠠᠯᠪᠢᠵᠤ᠂ ᠰᠤᠷᠭᠠᠭᠤᠯᠢ ᠶᠢᠨ ᠰᠤᠷᠭᠠᠨ ᠬᠥᠮᠦᠵᠢᠯ᠂ ᠭᠡᠷ ᠪᠦᠯᠢ ᠶᠢᠨ ᠰᠤᠷᠭᠠᠨ ᠬᠥᠮᠦᠵᠢᠯ ᠪᠣᠯᠤᠨ ᠨᠡᠶᠢᠭᠡᠮ ᠤᠨ ᠰᠤᠷᠭᠠᠨ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠵᠤ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨᠴᠢ ᠴᠢᠳᠠᠪᠤᠷᠢᠲᠠᠨ ᠤ ᠦᠵᠡᠯᠲᠡ᠂ ᠴᠢᠳᠠᠪᠤᠷᠢᠲᠠᠨ ᠪᠣᠯᠬᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠪᠣᠢ ᠪᠣᠯᠭᠠᠵᠤ᠂ ᠡᠷᠡᠭᠦᠯ ᠰᠠᠷᠠᠭᠤᠯ ᠰᠤᠷᠭᠠᠨ ᠬᠥᠮᠦᠵᠢᠯ ᠤᠨ ᠣᠷᠴᠢᠨ ᠲᠣᠭᠤᠷᠢᠨ ᠪᠣᠯᠤᠨ ᠠᠮᠢ ᠠᠬᠤᠢ ᠶᠢ ᠪᠦᠷᠢᠯᠳᠦᠭᠦᠯᠬᠦ ᠬᠡᠷᠡᠭᠲᠡᠢ᠃ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠤᠷ᠎ᠠ ᠲᠣᠨᠣᠳᠠᠰᠤ ᠶᠢᠨ ᠬᠠᠨᠳᠤᠰᠢ ᠶᠢ ᠦᠷᠭᠦᠯᠵᠢᠯᠡᠨ ᠠᠩᠬᠠᠷᠴᠤ᠂ ᠦᠶᠡᠷ ᠢ ᠰᠡᠷᠭᠡᠶᠢᠯᠡᠬᠦ ᠬᠦᠴᠦᠨ ᠢᠶᠠᠨ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠠᠬᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠴᠢᠩᠭ᠎ᠠ ᠠᠳᠬᠤᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠱᠤᠭᠤᠮ ᠤᠨ ᠵᠢᠷᠤᠭ᠂ ᠴᠠᠭ ᠤᠨ ᠬᠦᠰᠦᠨᠦᠭᠲᠦ ᠶᠢ ᠲᠣᠭᠲᠠᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠷᠢᠯᠢᠭ ᠠᠳᠬᠤᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠵᠤ᠂ ᠢᠳᠡᠪᠬᠢᠲᠡᠢ ᠪᠠᠷ ᠠᠵᠢᠯᠯᠠᠵᠤ᠂ ᠬᠠᠮᠲᠤᠪᠠᠷ ᠬᠦᠴᠦᠯᠡᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠪᠣᠯᠤᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号