ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠶᠡᠭᠡ ᠪᠠᠷ ᠵᠢᠭᠰᠠᠭᠠᠨ ᠪᠠᠶᠢᠴᠠᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/18
   9 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠶᠡᠭᠡ ᠪᠠᠶᠢᠴᠠᠭᠠᠯᠲᠠ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠬᠢᠭᠤᠯᠬᠤ ᠬᠠᠤᠯᠢ ᠪᠠᠷ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠢ ᠡᠷᠬᠢᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ︽ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠶᠡᠭᠡ ᠪᠠᠷ ᠵᠢᠭᠰᠠᠭᠠᠨ ᠪᠠᠶᠢᠴᠠᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠬᠢᠭᠤᠯᠬᠤ ᠬᠠᠤᠯᠢ ᠪᠠᠷ ᠵᠠᠰᠠᠬᠤ ᠲᠥᠰᠦᠯ︾ ᠢ ᠲᠠᠶᠢᠯᠪᠤᠷᠢᠯᠠᠪᠠ᠃    ᠬᠤᠷᠠᠯ ᠠᠴᠠ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠪᠦᠬᠦ ᠲᠠᠯ᠎ᠠ ᠶᠢᠨ ᠶᠡᠭᠡ ᠪᠠᠶᠢᠴᠠᠭᠠᠯᠲᠠ᠂ ᠶᠡᠭᠡ ᠡᠬᠢᠯᠡᠯᠲᠡ᠂ ᠶᠡᠭᠡ ᠰᠢᠢᠳᠪᠦᠷᠢᠯᠡᠯᠲᠡ ᠶᠢ ᠥᠷᠨᠢᠭᠦᠯᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠵᠠᠬᠢᠳᠠᠯ ᠰᠤᠷᠪᠤᠯᠵᠢᠯᠠᠭ᠎ᠠ ᠶᠢ ᠳᠠᠩᠰᠠᠯᠠᠨ ᠲᠡᠮᠳᠡᠭᠯᠡᠬᠦ᠂ ᠰᠢᠢᠳᠪᠦᠷᠢᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠭᠤᠮᠣᠳᠠᠯ ᠱᠠᠭᠠᠷᠳᠠᠯᠭ᠎ᠠ ᠪᠠᠨ ᠬᠠᠤᠯᠢ ᠶᠣᠰᠣᠭᠠᠷ ᠱᠠᠲᠤ ᠳᠠᠷᠠᠭᠠᠯᠠᠨ ᠡᠮᠬᠢ ᠵᠢᠷᠤᠮ ᠲᠠᠢ ᠪᠠᠷ ᠲᠤᠰᠬᠠᠬᠤ ᠶᠢ ᠣᠨᠣᠪᠴᠢᠲᠠᠢ ᠬᠥᠲᠥᠯᠥᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠥᠲᠥᠯᠥᠨ ᠵᠢᠯᠣᠭᠤᠳᠴᠤ ᠬᠥᠮᠦᠵᠢᠭᠦᠯᠬᠦ᠂ ᠵᠥᠷᠢᠴᠡᠯ ᠢ ᠠᠷᠢᠯᠭᠠᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠨ᠂ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠨ᠂ ᠵᠥᠷᠢᠴᠡᠯ ᠢ ᠠᠷᠢᠯᠭᠠᠬᠤ᠂ ᠳᠠᠯᠳᠠ ᠭᠡᠮ ᠢ ᠠᠷᠢᠯᠭᠠᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠣᠢ ᠪᠣᠯᠭᠠᠵᠤ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠴᠡᠩᠭᠡᠯᠳᠦ᠂ ᠴᠧᠨ ᠴᠢᠩ ᠬᠤᠸᠠ᠂ ᠮᠠᠨᠳᠤᠯ᠎ᠠ᠂ ᠹᠧᠩ ᠵᠢᠶᠠᠨ ᠵᠦᠩ᠂ ᠴᠧᠨ ᠰᠢᠦᠸᠡᠢ ᠵᠢᠶᠣᠤ᠂ ᠸᠠᠩ ᠵᠢᠶᠠ ᠵᠢᠢ ᠨᠡᠷ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号