ᠭᠤᠣᠯ ᠤᠨ ᠪᠠᠶᠢᠰᠢᠩ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   9 ᠰᠠᠷ᠎ᠠ ᠶᠢᠨ 14 ᠤ ᠡᠳᠦᠷ᠂ ᠭᠤᠣᠯ ᠤᠨ ᠪᠠᠶᠢᠰᠢᠩ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠳᠠᠭᠠᠭᠠᠴᠢᠯᠠᠨ ᠠᠪᠤᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠰᠢᠭᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ︽ᠬᠤᠣᠰ ᠪᠠᠶᠠᠷ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ︽ᠬᠤᠣᠰ ᠪᠠᠶᠠᠷ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠬᠢ ᠡᠭᠦᠰᠦᠯ ᠠᠴᠠ ᠨᠢ ᠰᠡᠷᠭᠡᠶᠢᠯᠡᠨ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠨᠡᠶᠢᠳᠡᠮ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠤᠷᠪᠤᠯᠵᠢᠯᠠᠭ᠎ᠠ ᠳᠤ ᠬᠤᠯᠪᠣᠭᠳᠠᠭᠰᠠᠨ ᠲᠣᠭᠲᠠᠭᠤᠨ ᠪᠠ ᠰᠦᠷᠳᠡᠭᠦᠯᠦᠯ ᠳᠤ ᠬᠤᠯᠪᠣᠭᠳᠠᠭᠰᠠᠨ ᠵᠡᠷᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠢ᠃ ᠡᠯ᠎ᠡ ᠲᠥᠷᠥᠯ ᠤᠨ ᠭᠤᠣᠯᠳᠠᠯᠭ᠎ᠠ ᠲᠠᠢ ᠬᠥᠮᠦᠰ ᠲᠤ ︽ᠲᠠᠪᠤ ᠶᠢ ᠳᠠᠭᠠᠭᠠᠴᠢᠯᠠᠭᠤᠯᠵᠤ ᠨᠢᠭᠡ ᠶᠢ ᠳᠠᠭᠠᠭᠠᠴᠢᠯᠠᠬᠤ︾ ᠡᠬᠡ ᠳᠠᠩᠰᠠ ᠪᠠᠶᠢᠭᠤᠯᠵᠤ᠂ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠵᠦ᠂ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠳᠠᠭᠠᠭᠠᠴᠢᠯᠠᠭᠰᠠᠨ ᠤᠳᠤᠷᠢᠳᠤᠯᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠨᠢ ᠵᠢᠯᠣᠭᠤᠳᠴᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠠᠵᠢᠯᠯᠠᠭᠠᠨ ᠤ ᠴᠢᠳᠠᠪᠤᠷᠢ ᠪᠠ ᠡᠵᠡᠮᠳᠡᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠦᠬᠦ ᠪᠠᠯᠭᠠᠰᠤ ᠪᠠᠷ ᠢᠶᠠᠨ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠰ ᠤᠳᠠᠭᠠᠨ ᠤ ᠲᠥᠪᠯᠡᠷᠡᠭᠦᠯᠦᠨ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠭᠠᠴᠠᠭᠠᠨ ᠤ ︽ᠬᠤᠶᠠᠷ ᠵᠥᠪᠯᠡᠯ︾᠂ ᠠᠮᠤᠷ ᠲᠦᠪᠰᠢᠨ ᠤ ᠲᠤᠰᠬᠠᠢ ᠲᠤᠰᠢᠶᠠᠯᠲᠠᠨ᠂ ᠰᠦᠯᠵᠢᠶᠡᠨ ᠤ ᠠᠵᠢᠯᠲᠠᠨ᠂ ᠬᠤᠩ ᠹᠧᠩ ᠢ ᠴᠠᠭᠳᠠᠭ᠎ᠠ ᠵᠡᠷᠭᠡ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠥᠨᠢ ᠪᠠᠷ ᠲᠣᠭᠤᠷᠢᠨ ᠴᠠᠭᠳᠠᠬᠤ ᠶᠢ ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠬᠤᠷᠢᠶᠠᠨ ᠠᠪᠴᠤ ᠢᠳᠬᠠᠨ ᠲᠤᠰᠢᠶᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠢᠷᠲᠦ ᠪᠠᠭᠠᠵᠢ ᠶᠢ ᠬᠠᠮᠲᠤᠷᠠᠨ ᠬᠠᠮᠢᠶᠠᠷᠬᠤ ᠠᠵᠢᠯ ᠤᠨ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠳᠠᠯᠳᠠ ᠭᠡᠮ ᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ ᠭᠤᠷᠪᠠ ᠳᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠵᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠥᠷᠭᠡᠨ ᠣᠯᠠᠨ ᠲᠦᠮᠡᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号