ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   9 ᠰᠠᠷ᠎ᠠ ᠶᠢᠨ 14 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠠᠶᠤᠯᠭᠦᠢ ᠦᠢᠯᠡᠳᠪᠦᠷᠢᠯᠡᠯ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ 12345 ᠬᠠᠯᠠᠭᠤᠨ ᠤᠲᠠᠰᠤ ᠶᠢᠨ ᠠᠵᠢᠯ ᠤᠨ ᠬᠠᠭᠤᠳᠠᠰᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ᠂ ᠣᠷᠴᠢᠨ ᠠᠬᠤᠢ ᠶᠢ ᠴᠡᠭᠴᠡᠯᠡᠨ ᠵᠠᠰᠠᠬᠤ᠂ ᠦᠵᠡᠯ ᠤᠬᠠᠮᠰᠠᠷ ᠤᠨ ᠬᠡᠯᠪᠡᠷᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠲᠣᠭᠲᠠᠭᠤᠨ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠠᠵᠢᠯ ᠢ ᠢᠳᠡᠪᠬᠢᠲᠡᠢ ᠠᠬᠢᠭᠤᠯᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号