ᠪᠠᠶᠠᠨᠬᠤᠰᠢᠭᠤ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   ᠳᠡᠭᠡᠳᠦ ᠱᠠᠲᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠪᠠᠶᠠᠨᠬᠤᠰᠢᠭᠤ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠪᠠᠯᠭᠠᠰᠤᠨ ᠤ ᠳᠠᠷᠠᠭᠠᠴᠢ ᠶᠢᠨ ᠠᠯᠬᠤᠮ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠨᠠᠷᠢᠨ ᠨᠢᠮᠪᠠᠢ ᠪᠠᠶᠢᠷᠢᠯᠠᠭᠤᠯᠪᠠ᠃    ᠬᠤᠷᠠᠯ ᠠᠴᠠ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ 21 ᠲᠥᠷᠥᠯ ᠤᠨ ᠭᠤᠣᠯᠳᠠᠯᠭ᠎ᠠ ᠲᠠᠢ ᠬᠥᠮᠦᠰ᠂ 6 ᠲᠥᠷᠥᠯ ᠤᠨ ᠵᠥᠷᠢᠴᠡᠯ ᠵᠠᠭᠤᠷᠠᠯᠳᠤᠭᠠᠨ ᠢ ᠲᠠᠬᠢᠨ ᠵᠢᠭᠰᠠᠭᠠᠨ ᠪᠠᠶᠢᠴᠠᠭᠠᠵᠤ᠂ ᠲᠠᠬᠢᠨ ᠡᠮᠬᠢᠯᠡᠵᠦ᠂ ᠵᠥᠷᠢᠴᠡᠯ ᠵᠠᠭᠤᠷᠠᠯᠳᠤᠭᠠᠨ ᠡᠭᠦᠰᠦᠭᠰᠡᠨ ᠣᠨᠴᠠᠯᠢᠭ ᠢ ᠳ᠋ᠦᠩᠨᠡᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠬᠡᠪ ᠤᠨ ᠪᠠᠶᠢᠳᠠᠯ ᠢᠶᠠᠷ ᠬᠠᠷᠢᠭᠤ ᠰᠤᠷᠪᠤᠯᠵᠢᠯᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠠᠷᠢᠬᠢ ᠤᠤᠭᠤᠭᠤᠯᠵᠤ᠂ ︽ᠬᠤᠶᠠᠷ ᠪᠠᠶᠠᠷ︾ ᠤᠨ ᠡᠮᠦᠨ᠎ᠡ ᠬᠤᠶᠢᠨ᠎ᠠ᠂ ᠤᠷᠲᠤ ᠬᠤᠭᠤᠴᠠᠭ᠎ᠠ ᠪᠠᠷ ᠠᠷᠢᠬᠢ ᠤᠤᠭᠤᠬᠤ᠂ ᠠᠷᠢᠬᠢ ᠤᠤᠭᠤᠭᠰᠠᠨ ᠤ ᠳᠠᠷᠠᠭ᠎ᠠ ᠬᠡᠷᠡᠭ ᠦᠢᠮᠡᠭᠦᠯᠬᠦ ᠲᠡᠦᠬᠡ ᠲᠠᠢ ᠬᠥᠮᠦᠰ ᠲᠤ ᠴᠢᠭᠯᠡᠭᠦᠯᠦᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠢᠳᠬᠠᠨ ᠬᠤᠷᠢᠶᠠᠵᠤ᠂ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠬᠠᠤᠯᠢ ᠠᠴᠠ ᠵᠥᠷᠢᠴᠡᠨ ᠬᠡᠷᠡᠭᠯᠡᠭᠰᠡᠨ ᠠᠴᠠ ᠪᠣᠯᠤᠭᠰᠠᠨ ᠮᠠᠭᠤ ᠦᠷ᠎ᠡ ᠳ᠋ᠦᠩ ᠢ ᠥᠷᠭᠡᠨ ᠢᠶᠠᠷ ᠤᠬᠠᠭᠤᠯᠵᠤ᠂ ᠭᠤᠣᠯᠳᠠᠯᠭ᠎ᠠ ᠲᠠᠢ ᠬᠥᠮᠦᠰ ᠤᠨ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠢᠳᠬᠠᠨ ᠲᠤᠰᠢᠶᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ᠃ ᠪᠦᠬᠦ ᠪᠠᠯᠭᠠᠰᠤᠨ ᠤ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠬᠤ ᠶᠢ ᠠᠬᠢᠭᠤᠯᠵᠤ᠂ ᠪᠦᠬᠦ ᠪᠠᠯᠭᠠᠰᠤᠨ ᠤ ᠬᠡᠪᠴᠢᠶᠡᠨ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠶᠡᠬᠡᠪᠡᠷ ᠵᠢᠭᠰᠠᠭᠠᠨ ᠪᠠᠶᠢᠴᠠᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠠᠵᠢᠯ ᠢ ᠥᠷᠨᠢᠭᠦᠯᠵᠦ᠂ ᠭᠠᠴᠠᠭ᠎ᠠ ᠳᠤ ᠭᠦᠨᠵᠡᠭᠡᠶᠢᠷᠡᠨ ᠣᠯᠠᠨ ᠲᠦᠮᠡᠨ ᠤ ᠬᠦᠰᠡᠵᠦ ᠪᠠᠶᠢᠭ᠎ᠠ ᠵᠦᠢᠯ ᠢ ᠣᠶᠢᠯᠠᠭᠠᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ᠃    ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ᠂ ᠠᠵᠢᠯᠯᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号