ᠪᠠᠶᠠᠨᠬᠤᠰᠢᠭᠤ ᠪᠠᠯᠭᠠᠰᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠭᠦᠨᠵᠡᠭᠡᠢ ᠠᠬᠢᠭᠤᠯᠪᠠ
ᠨᠡᠶᠢᠲᠡᠯᠡᠭᠰᠡᠨ ᠴᠠᠭ᠄
2024/9/19
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠶᠡᠭᠡ ᠪᠠᠶᠢᠴᠠᠭᠠᠯᠲᠠ ᠵᠢᠴᠢ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 15 ᠤ ᠡᠳᠦᠷ᠂ ᠪᠠᠯᠭᠠᠰᠤᠨ ᠤ ᠭᠤᠣᠯ ᠬᠠᠷᠢᠭᠤᠴᠠᠯᠭᠠᠲᠠᠨ ᠠᠵᠢᠯ ᠢ ᠠᠬᠢᠭᠤᠯᠬᠤ ᠳᠤᠭᠤᠶᠢᠯᠠᠩ ᠪᠠᠶᠢᠭᠤᠯᠵᠤ ᠬᠠᠷᠢᠶᠠᠲᠤ ᠣᠷᠣᠨ ᠤ ᠡᠯ᠎ᠡ ᠭᠠᠴᠠᠭ᠎ᠠ ᠳᠤ ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠢᠴᠢ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃    ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠡᠯ᠎ᠡ ᠭᠠᠴᠠᠭ᠎ᠠ ᠳᠤ ᠭᠦᠨᠵᠡᠭᠡᠶᠢᠷᠡᠨ ᠥᠪᠡᠷᠮᠢᠴᠡ ᠴᠢᠨᠠᠷᠲᠠᠢ ᠵᠥᠷᠢᠴᠡᠯ ᠵᠢᠭᠤᠷᠠᠯᠳᠤᠭᠠᠨ ᠢ ᠭᠦᠨᠵᠡᠭᠡᠢ ᠵᠢᠭᠰᠠᠭᠠᠨ ᠪᠠᠶᠢᠴᠠᠭᠠᠬᠤ ᠶᠢᠨ ᠬᠠᠮᠲᠤ ᠭᠤᠣᠯᠳᠠᠯᠭ᠎ᠠ ᠲᠠᠢ ᠵᠥᠷᠢᠴᠡᠯ ᠵᠢᠭᠤᠷᠠᠯᠳᠤᠭᠠᠨ ᠢ ᠨᠢᠭᠡᠳ ᠨᠢᠭᠡ ᠪᠠᠷ ᠵᠥᠪᠳᠡᠯᠴᠡᠨ ᠦᠨᠡᠯᠡᠨ ᠰᠤᠳᠤᠯᠵᠤ ᠮᠠᠭᠠᠳᠯᠠᠬᠤ ᠬᠡᠷᠡᠭᠲᠡᠢ᠃ ᠬᠢᠨᠠᠨ ᠵᠢᠯᠣᠭᠤᠳᠬᠤ ᠳᠤᠭᠤᠶᠢᠯᠠᠩ ᠠᠴᠠ ᠡᠯ᠎ᠡ ᠭᠠᠴᠠᠭ᠎ᠠ ᠶᠢ ᠳᠠᠬᠢᠨ ᠥᠨᠴᠥᠭ ᠪᠤᠯᠤᠩ ᠦᠭᠡᠢ᠂ ᠰᠣᠬᠤᠷ ᠪᠠᠯᠠᠢ ᠣᠷᠣᠨ ᠦᠭᠡᠢ᠂ ᠪᠦᠬᠦᠨ ᠢ ᠬᠠᠮᠤᠷᠬᠤ᠂ ᠲᠣᠣᠷ ᠲᠠᠲᠠᠬᠤ ᠬᠡᠯᠪᠡᠷᠢ ᠪᠠᠷ ᠰᠤᠷᠪᠤᠯᠵᠢᠯᠠᠨ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠵᠢᠭᠰᠠᠭᠠᠨ ᠪᠠᠶᠢᠴᠠᠭᠠᠬᠤ ᠠᠵᠢᠯ ᠤᠨ ᠪᠦᠬᠦ ᠲᠠᠯ᠎ᠠ ᠶᠢᠨ᠂ ᠨᠠᠷᠢᠯᠢᠭ᠂ ᠲᠦᠢᠯᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠤᠨ ᠳᠠᠯᠳᠠ ᠭᠡᠮ ᠢ ᠨᠢᠭᠡᠳᠦᠯᠲᠡᠢ ᠳᠡᠩᠰᠡᠯᠡᠵᠦ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠪᠣᠳᠠᠲᠠᠢ ︽ᠲᠠᠪᠤ ᠶᠢ ᠳᠠᠭᠠᠭᠠᠴᠢᠯᠠᠭᠤᠯᠵᠤ ᠨᠢᠭᠡ ᠶᠢ ᠳᠠᠭᠠᠭᠠᠴᠢᠯᠠᠬᠤ︾ ᠬᠠᠷᠢᠭᠤᠴᠠᠯᠭᠠᠲᠠᠨ ︵ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠯᠭᠠᠲᠠᠨ᠂ ᠪᠣᠳᠠᠲᠠᠢ ᠲᠣᠭᠲᠠᠭᠤᠨ ᠢᠶᠠᠷ ᠡᠵᠡᠮᠳᠡᠬᠦ ᠬᠥᠮᠦᠨ᠂ ᠬᠡᠰᠡᠭ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ︶ ᠢ ᠲᠣᠳᠣᠷᠬᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠵᠠᠷᠴᠢᠮ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠣᠰᠣᠭᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号