ᠰᠢᠨᠠᠵᠠᠮ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   9 ᠰᠠᠷ᠎ᠠ ᠶᠢᠨ 14 ᠤ ᠡᠳᠦᠷ᠂ ᠰᠢᠨᠠᠵᠠᠮ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠵᠢᠭᠰᠠᠭᠠᠨ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠭᠠᠴᠠᠭᠠᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠡᠯ᠎ᠡ ᠭᠠᠴᠠᠭᠠᠨ ᠤ ᠳᠠᠭᠠᠭᠠᠴᠢᠯᠠᠨ ᠠᠪᠤᠭᠰᠠᠨ ᠤᠳᠤᠷᠢᠳᠤᠯᠭ᠎ᠠ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠲᠤᠰᠬᠠᠢ ᠬᠠᠷᠢᠭᠤ ᠮᠡᠳᠡᠭᠦᠯᠦᠯᠲᠡ ᠬᠢᠵᠡᠢ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠶᠡᠷᠦᠩᠬᠡᠶᠢᠯᠡᠭᠰᠡᠨ ᠣᠷᠣᠯᠭ᠎ᠠ ᠵᠢᠴᠢ ᠵᠠᠶᠢᠯᠠᠰᠢ ᠦᠭᠡᠢ ᠵᠠᠷᠤᠯᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠥᠮᠦᠰ ᠲᠤ ᠨᠢᠭᠡᠳ ᠨᠢᠭᠡ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠮᠠᠯᠴᠢᠨ ᠲᠠᠷᠢᠶᠠᠴᠢᠨ ᠲᠦᠮᠡᠨ ᠤ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ᠂ ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ᠪᠤᠰᠤᠳ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠳᠠᠯᠳᠠ ᠠᠶᠤᠯ ᠲᠦᠭᠰᠢᠭᠦᠷᠢ ᠶᠢ ᠦᠷᠭᠦᠯᠵᠢᠯᠡᠨ ᠠᠩᠬᠠᠷᠴᠤ᠂ ᠨᠥᠬᠦᠴᠡᠯ ᠳᠤ ᠨᠡᠶᠢᠴᠡᠭᠰᠡᠨ᠂ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ ᠮᠠᠯᠴᠢᠨ ᠲᠠᠷᠢᠶᠠᠴᠢᠨ ᠡᠷᠦᠬᠡ ᠶᠢ ᠴᠠᠭ ᠲᠤᠬᠠᠢ ᠳᠤᠨᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ︽ᠬᠦᠯᠢᠶᠡᠬᠦ ᠶᠣᠰᠣᠲᠠᠢ ᠦᠭᠡᠢ᠂ ᠪᠡᠶ᠎ᠡ ᠶᠢᠨ ᠭᠠᠳᠠᠨᠠᠬᠢ ᠣᠷᠴᠢᠯ︾ ᠤᠨ ᠦᠵᠡᠭᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠪᠠᠶᠢᠴᠠᠭᠠᠨ ᠵᠢᠭᠰᠠᠭᠠᠬᠤ ᠰᠤᠷᠪᠤᠯᠵᠢᠯᠠᠬᠤ ᠵᠢᠴᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠢᠯᠡᠷᠡᠭᠰᠡᠨ ᠬᠦᠴᠢᠷᠳᠡᠯ ᠢ ᠴᠠᠭ ᠲᠤᠬᠠᠢ ᠳᠤᠨᠢ ᠡᠵᠡᠮᠰᠢᠵᠦ᠂ ᠡᠷᠲᠡ ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠬᠠᠪᠰᠤᠷᠤᠨ ᠲᠡᠳᠬᠦᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠤᠷᠪᠠ ᠳᠤ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠰ ᠳᠠᠷᠠᠭᠠᠯᠠᠯ ᠨᠢ ᠵᠢᠷᠤᠮᠵᠢᠯ ᠦᠭᠡᠢ᠂ ᠡᠬᠡ ᠳᠠᠩᠰᠠ ᠨᠢ ᠪᠦᠷᠢᠨ ᠲᠡᠭᠦᠯᠳᠡᠷ ᠪᠤᠰᠤ᠂ ᠭᠠᠷ ᠤᠨ ᠦᠰᠦᠭ ᠵᠢᠷᠤᠬᠤ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号