ᠲᠦᠯᠢᠶᠡᠮᠤᠳᠤ ᠪᠠᠯᠭᠠᠰᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   ᠲᠦᠯᠢᠶᠡᠮᠤᠳᠤ ᠪᠠᠯᠭᠠᠰᠤᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠡᠳᠦᠷ ᠤᠨ ᠡᠮᠦᠨ᠎ᠡ ᠬᠤᠶᠢᠨᠠᠬᠢ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠦᠯᠢᠶᠡᠮᠤᠳᠤ ᠪᠠᠯᠭᠠᠰᠤ ᠬᠤᠷᠠᠯ ᠬᠤᠷᠠᠯᠳᠤᠭᠤᠯᠵᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ︽ᠬᠤᠣᠰ ᠪᠠᠶᠠᠷ︾ ᠤᠨ ᠡᠮᠦᠨ᠎ᠡ ᠬᠤᠶᠢᠨᠠᠬᠢ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠭᠠᠴᠠᠭ᠎ᠠ ᠠᠮᠤᠷ ᠲᠣᠭᠲᠠᠭᠤᠨ ᠪᠠᠶᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠭᠠᠴᠠᠭ᠎ᠠ ᠲᠣᠰᠬᠤᠨ ᠤ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠣᠨᠴᠠᠭᠠᠶᠢᠯᠠᠨ ᠭᠤᠣᠯᠳᠠᠯᠭ᠎ᠠ ᠲᠠᠢ ᠬᠥᠮᠦᠰ ᠤᠨ ᠦᠵᠡᠯ ᠰᠠᠨᠠᠭᠠᠨ ᠤ ᠪᠠᠶᠢᠳᠠᠯ ᠢ ᠠᠩᠬᠠᠷᠴᠤ᠂ ᠠᠰᠠᠭᠤᠳᠠᠯ ᠬᠤᠷᠴᠠᠳᠬᠤ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃    ᠬᠤᠶᠠᠷ ᠲᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠠᠮᠤᠷ ᠲᠣᠭᠲᠠᠭᠤᠨ ᠪᠠᠶᠢᠳᠠᠯ ᠳᠤ ᠬᠤᠯᠪᠣᠭᠳᠠᠬᠤ ᠠᠰᠠᠭᠤᠳᠠᠯ ᠢ ᠡᠷᠲᠡ ᠠᠴᠠ ᠦᠵᠡᠵᠦ᠂ ᠣᠨᠣᠪᠴᠢᠲᠠᠢ ᠮᠠᠭᠠᠳᠯᠠᠵᠤ᠂ ᠲᠦᠷᠭᠡᠨ ᠪᠥᠭᠡᠳ ᠲᠦᠷᠭᠡᠨ ᠬᠢᠵᠦ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠠᠴᠠ ᠡᠮᠦᠨ᠎ᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠤᠯᠤᠰ ᠲᠥᠷᠥ ᠬᠠᠤᠯᠢ ᠴᠠᠭᠠᠵᠠ ᠶᠢᠨ ᠰᠠᠯᠪᠤᠷᠢ ᠪᠠᠭ᠎ᠠ ᠠᠩᠭᠢ᠂ ᠠᠮᠤᠷ ᠲᠦᠪᠰᠢᠨ ᠤ ᠲᠤᠰᠬᠠᠢ ᠲᠤᠰᠢᠶᠠᠯᠲᠠᠨ ᠵᠡᠷᠭᠡ ᠠᠮᠤᠷ ᠲᠦᠪᠰᠢᠨ ᠤ ᠡᠩᠨᠡᠭᠡ ᠲᠠᠢ ᠬᠠᠮᠲᠤᠷᠠᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠲᠣᠭᠤᠷᠢᠨ ᠰᠡᠷᠭᠡᠶᠢᠯᠡᠬᠦ ᠤᠳᠠᠭ᠎ᠠ ᠶᠢ ᠴᠢᠩᠭᠠᠳᠬᠠᠵᠤ᠂ ᠵᠥᠷᠢᠴᠡᠯ ᠤᠨ ᠡᠬᠢ ᠰᠤᠷᠪᠤᠯᠵᠢ ᠶᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠃    ᠭᠤᠷᠪᠠ ᠳᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠴᠠᠭ᠎ᠠ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠪᠣᠯᠤᠨ ᠡᠯ᠎ᠡ ᠰᠦᠯᠵᠢᠶᠡᠨ ᠤ ᠠᠵᠢᠯᠲᠠᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠷᠢᠶ᠎ᠠ ᠣᠷᠣᠨ ᠳᠤ ᠭᠦᠨᠵᠡᠭᠡᠶᠢᠷᠡᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠥᠷᠢᠴᠡᠯ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠬᠤ ᠬᠡᠷᠡᠭᠲᠡᠢ᠃ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠢᠳᠬᠠᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠢ ᠪᠦᠬᠦ ᠲᠠᠯ᠎ᠠ ᠪᠠᠷ ᠤᠬᠠᠭᠤᠯᠤᠨ ᠢᠳᠬᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠬᠡᠷᠡᠭᠲᠡᠢ᠃    ᠳᠥᠷᠪᠡ ᠳᠤ᠂ ᠬᠠᠤᠯᠢᠵᠢᠯ ᠤᠨ ᠦᠵᠡᠯ ᠰᠠᠨᠠᠭ᠎ᠠ ᠶᠢ ᠪᠠᠲᠤ ᠴᠣᠭᠴᠠᠯᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠢᠨᠵᠢᠯᠡᠬᠦ ᠤᠬᠠᠭᠠᠨᠴᠢ ᠣᠶᠤᠨᠴᠢ ᠪᠠᠷ ᠠᠷᠢᠬᠢ ᠤᠤᠭᠤᠬᠤ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ᠂ ᠵᠠᠬᠢᠳᠠᠯ ᠰᠤᠷᠪᠤᠯᠵᠢᠯᠠᠭ᠎ᠠ ᠵᠡᠷᠭᠡ ᠠᠰᠠᠭᠤᠳᠠᠯ ᠢ ᠡᠬᠢ ᠡᠭᠦᠰᠦᠯ ᠠᠴᠠ ᠨᠢ ᠦᠨᠡᠨ ᠬᠦ ᠰᠢᠢᠳᠪᠦᠷᠢᠯᠡᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ ᠵᠠᠰᠠᠯᠲᠠ ᠶᠢᠨ ᠴᠢᠳᠠᠮᠵᠢ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠲᠠᠪᠤ ᠳᠤ᠂ ᠵᠢᠵᠢᠭᠦᠷᠯᠡᠬᠦ ᠳᠦᠷᠢᠮ ᠢ ᠴᠢᠩᠭᠠᠳᠬᠠᠪᠠ᠃ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠡᠷᠡ ᠳᠠᠷᠤᠢ ᠳᠤᠨᠢ ᠢᠯᠡᠷᠡᠭᠦᠯᠵᠦ᠂ ᠲᠡᠷᠡ ᠳᠠᠷᠤᠢ ᠳᠤᠨᠢ ᠳᠡᠭᠡᠭᠰᠢ ᠮᠡᠳᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠵᠦ᠂ ᠲᠡᠷᠡ ᠳᠠᠷᠤᠢ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠪᠠᠯᠭᠠᠰᠤᠨ ᠤ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ᠂ ᠠᠮᠤᠷ ᠠᠮᠤᠭᠤᠯᠠᠩ᠂ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号