ᠲᠦᠯᠢᠶᠡᠮᠤᠳᠤ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
    9 ᠰᠠᠷ᠎ᠠ ᠶᠢᠨ 14 ᠤ ᠡᠳᠦᠷ᠂ ᠲᠦᠯᠢᠶᠡᠮᠤᠳᠤ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠬᠡ ᠠᠴᠠ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠠᠩᠭᠢ ᠬᠤᠶᠠᠷ ᠲᠥᠪ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠥᠷᠲᠡᠭᠡ ᠭᠠᠵᠠᠷ ᠤᠨ ᠬᠠᠷᠢᠭᠤᠴᠠᠯᠭᠠᠲᠠᠨ᠂ ᠭᠠᠴᠠᠭᠠᠨ ᠤ ᠱᠦᠵᠢ ᠣᠷᠣᠯᠴᠠᠵᠠᠢ᠃    ᠬᠤᠷᠠᠯ ᠠᠴᠠ ︽ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠶᠡᠬᠡᠪᠡᠷ ᠵᠢᠭᠰᠠᠭᠠᠨ ᠪᠠᠶᠢᠴᠠᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠳᠦᠷᠢᠮᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠪᠠᠯᠭᠠᠰᠤᠨ ᠤ ᠳᠠᠷᠠᠭᠠᠴᠢ ᠶᠢᠨ ᠠᠯᠬᠤᠮ ᠤᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠠᠵᠢᠯᠯᠠᠬᠤ ᠳᠤᠭᠤᠶᠢᠯᠠᠩ᠂ ᠰᠦᠯᠵᠢᠶᠡᠨ ᠤ ᠠᠵᠢᠯᠲᠠᠨ ᠵᠡᠷᠭᠡ ᠪᠦᠬᠦ ᠲᠠᠯ᠎ᠠ ᠪᠠᠷ ᠡᠷᠦᠬᠡ ᠳᠤ ᠣᠷᠣᠵᠤ ᠥᠨᠴᠥᠭ ᠪᠤᠯᠤᠩ ᠦᠭᠡᠢ᠂ ᠪᠠᠯᠠᠢ ᠣᠷᠣᠨ ᠦᠭᠡᠢ᠂ ᠪᠦᠬᠦᠨ ᠢ ᠬᠠᠮᠤᠷᠤᠭᠰᠠᠨ ᠰᠤᠷᠪᠤᠯᠵᠢᠯᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠪᠠ᠃ ᠬᠤᠶᠠᠷ ᠲᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠭᠤᠭᠴᠤᠭ᠎ᠠ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠷ ᠳᠠᠮᠵᠢᠭᠤᠯᠤᠨ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠵᠦ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠠᠵᠢᠯᠲᠠᠨ ᠤ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠴᠢᠬᠤᠯᠠ ᠬᠥᠳᠡᠯᠦᠩᠭᠦᠢ ᠪᠠᠶᠢᠳᠠᠯ᠂ ᠪᠠᠴᠢᠮ ᠪᠠᠶᠢᠳᠠᠯ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠡᠷᠬᠡᠪᠰᠢ ᠲᠡᠷᠡ ᠳᠠᠷᠤᠢ ᠳᠤᠨᠢ ᠮᠡᠳᠡᠭᠦᠯᠵᠦ᠂ ᠴᠠᠭ ᠲᠤᠬᠠᠢ ᠳᠤᠨᠢ ᠲᠣᠬᠢᠲᠠᠢ ᠠᠷᠭᠠᠴᠠᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠵᠢᠴᠢ ᠮᠡᠳᠡᠭᠡ ᠵᠠᠩᠭᠢ ᠨᠢ ᠲᠡᠭᠰᠢ ᠭᠡᠮ ᠦᠭᠡᠢ ᠪᠠᠶᠢᠬᠤ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号