︽ᠳᠤᠯᠠᠭᠠᠨ ᠢᠨᠵᠧᠨᠧᠷᠢᠩ︾ ᠢ ᠭᠡᠷᠡᠭᠵᠢᠬᠦᠯᠵᠤ ᠠᠷᠠᠳ ᠲᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/9/19
   2023 ᠣᠨ ᠤ 12 ᠰᠠᠷ᠎ᠠ ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠥᠪᠥᠷ ᠮᠣᠩᠭᠤᠯ ᠤᠨ ᠪᠦᠬᠦ ᠣᠷᠣᠨ ᠪᠦᠰᠡ ᠳᠤ ︽ᠬᠠᠶᠢᠷ᠎ᠠ ᠬᠠᠯᠠᠮᠵᠢ ᠶᠢᠨ ᠢᠨᠵᠧᠨᠧᠷᠢᠩ ︾ ᠢ ᠬᠡᠷᠡᠭᠵᠢᠭᠦᠯᠬᠦ ᠪᠠᠷ ᠲᠣᠭᠲᠠᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢ ᠢᠳᠡᠪᠬᠢᠲᠡᠢ ᠳᠠᠭᠠᠵᠤ᠂ ︽ᠳᠤᠯᠠᠭᠠᠨ ᠢᠨᠵᠧᠨᠧᠷᠢᠩ︾ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠪᠦᠬᠦ ᠬᠤᠰᠢᠭᠤᠨ ᠤ ᠳᠤᠯᠠᠭᠠᠯᠠᠭ᠎ᠠ ᠶᠢᠨ ᠰᠢᠰᠲ᠋ᠧᠮ ᠳᠤ ᠴᠢᠭᠯᠡᠭᠦᠯᠦᠨ ᠶᠡᠭᠡ ᠪᠠᠷ ᠥᠭᠡᠷᠡᠴᠢᠯᠡᠯᠲᠡ ᠬᠢᠵᠦ᠂ ᠶᠡᠭᠡ ᠪᠠᠷ ᠳᠡᠭᠡᠭᠰᠢᠯᠡᠭᠦᠯᠵᠦ᠂ ︽ᠳᠤᠯᠠᠭᠠᠯᠠᠭ᠎ᠠ ᠪᠠᠨ ᠵᠣᠭᠰᠣᠭᠠᠪᠠᠯ ᠳᠠᠷᠤᠢ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠡᠨᠡ ᠵᠢᠯ ᠤᠨ 4 ᠰᠠᠷ᠎ᠠ ᠠᠴᠠ ᠡᠬᠢᠯᠡᠨ᠂ ︽ᠳᠤᠯᠠᠭᠠᠨ ᠪᠠᠶᠢᠯᠭᠠᠬᠤ ᠢᠨᠵᠧᠨᠧᠷᠢᠩ︾ ᠤᠨ ᠡᠯ᠎ᠡ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠨᠠᠮᠤᠷ ᠤᠨ ᠠᠭᠤᠷ ᠠᠮᠢᠰᠭᠤᠯ ᠠᠭᠠᠵᠢᠮ ᠢᠶᠠᠷ ᠥᠳᠬᠡᠨ ᠪᠣᠯᠵᠤ᠂ ᠳᠤᠯᠠᠭᠠᠯ ᠠᠭ᠎ᠠ ᠶᠢᠨ ᠬᠤᠭᠤᠴᠠᠭ᠎ᠠ ᠤᠯᠠᠮ ᠠᠴᠠ ᠤᠯᠠᠮ ᠣᠶᠢᠷᠠᠲᠤᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠳᠤᠯᠠᠭᠠᠨ ᠢᠨᠵᠧᠨᠧᠷᠢᠩ︾ ᠤᠨ ᠡᠯ᠎ᠡ ᠲᠥᠷᠥᠯ ᠵᠦᠢᠯ ᠤᠨ ᠠᠵᠢᠯ ᠳᠠᠭᠤᠰᠴᠤ᠂ ︽ᠳᠤᠯᠠᠭᠠᠨ︾ ᠲᠣᠭᠲᠠᠭᠰᠠᠨ ᠬᠤᠭᠤᠴᠠᠭᠠᠨ ᠳᠤ ᠬᠦᠷᠴᠦ ᠢᠷᠡᠬᠦ ᠶᠢ ᠪᠠᠲᠤᠯᠠᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠣᠣᠷ᠎ᠠ ᠲᠦᠩᠯᠢᠶᠣᠤ ᠲᠡᠮᠦᠷ ᠵᠠᠮ ᠤᠨ ᠬᠠᠮᠠᠭᠠᠯᠠᠯᠲᠠ ᠶᠢᠨ ᠢᠵᠢ ᠬᠤᠭᠤᠯᠠᠢ ᠶᠢ ᠨᠡᠪᠲᠡᠯᠬᠦ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠳᠡᠭᠡᠪᠦᠷ ᠤᠨ ᠬᠤᠭᠤᠯᠠᠢ ᠶᠢ ᠪᠠᠷᠢᠬᠤ ᠪᠠ ᠭᠤᠤ ᠶᠢ ᠡᠭᠡᠭᠦᠯᠦᠨ ᠪᠥᠭᠯᠡᠬᠦ ᠵᠡᠷᠭᠡ ᠠᠵᠢᠯ ᠬᠢᠵᠦ ᠪᠠᠶᠢᠨ᠎ᠠ᠂ ᠪᠠᠷᠢᠯᠭ᠎ᠠ ᠶᠢᠨ ᠭᠠᠵᠠᠷ ᠲᠠᠰᠤᠷᠠᠯᠲᠠ ᠦᠭᠡᠢ ᠪᠠᠭᠠᠰᠴᠤ ᠪᠠᠶᠢᠨ᠎ᠠ᠃ ︽ᠣᠳᠣ ᠶᠠᠭ ᠲᠡᠮᠦᠷ ᠵᠠᠮ ᠢ ᠥᠩᠭᠡᠷᠡᠬᠦ ᠣᠷᠣᠢ ᠶᠢᠨ ᠬᠤᠭᠤᠯᠠᠢ ᠶᠢᠨ ᠪᠠᠷᠢᠯᠭ᠎ᠠ ᠶᠢ ᠬᠡᠷᠡᠭᠵᠢᠭᠦᠯᠵᠦ ᠪᠠᠶᠢᠨ᠎ᠠ᠂ ᠪᠠᠷᠢᠯᠭ᠎ᠠ ᠡᠬᠢᠯᠡᠭᠰᠡᠨ ᠠᠴᠠ ᠨᠠᠰᠢ᠂ ᠪᠢᠳᠡ ᠱᠤᠭᠤᠮ ᠢ ᠪᠠᠬᠢᠵᠢᠭᠦᠯᠬᠦ᠂ ᠪᠠᠷᠢᠯᠭ᠎ᠠ ᠶᠢ ᠬᠡᠷᠡᠭᠵᠢᠭᠦᠯᠬᠦ ᠵᠡᠷᠭᠡ ᠢᠨᠵᠧᠨᠧᠷᠢᠩ ᠢ ᠥᠩᠭᠡᠷᠡᠭᠡᠵᠦ᠂ ᠡᠮᠦᠨ᠎ᠡ ᠬᠤᠭᠤᠴᠠᠭᠠᠨ ᠳᠤ ᠪᠢᠳᠡ ᠬᠤᠷᠴᠠ ᠴᠢᠳᠠᠮᠠᠭᠠᠢ ᠬᠦᠴᠦᠨ ᠢ ᠵᠣᠬᠢᠶᠠᠨ ᠪᠠᠶᠢᠭᠤᠯᠵᠤ᠂ ᠬᠤᠤᠯᠢᠩᠭᠤᠤᠯ ᠢ ᠨᠡᠪᠲᠡᠷᠡᠭᠦᠯᠬᠦ ᠱᠤᠭᠤᠮ ᠤᠨ ᠰᠥᠨᠢ ᠪᠠᠷ ᠪᠠᠷᠢᠯᠭ᠎ᠠ ᠪᠠᠷᠢᠬᠤ ᠵᠢᠴᠢ ᠮᠡᠷᠭᠡᠵᠢᠯ ᠤᠨ ᠪᠡᠷᠬᠡ ᠪᠣᠭᠤᠮᠲᠠ ᠶᠢ ᠢᠯᠠᠨ ᠳᠠᠪᠠᠵᠤ᠂ ᠵᠠᠮ ᠱᠤᠭᠤᠮ ᠢ ᠪᠠᠬᠢᠵᠢᠭᠦᠯᠬᠦ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠵᠥᠪᠬᠡᠨ ᠵᠢᠷᠭᠤᠭᠠᠨ ᠡᠳᠦᠷ ᠤᠨ ᠬᠤᠭᠤᠴᠠᠭᠠᠨ ᠳᠤ ᠬᠠᠭᠠᠰ ᠰᠠᠷ᠎ᠠ ᠶᠢᠨ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠵᠦ᠂ ᠳᠠᠷᠠᠭᠠᠴᠢ ᠶᠢᠨ ᠪᠠᠷᠢᠯᠭ᠎ᠠ ᠶᠢᠨ ᠠᠵᠢᠯ ᠤᠨ ᠴᠠᠭ ᠪᠠ ᠠᠰᠢᠭᠲᠠᠢ ᠨᠥᠬᠦᠴᠡᠯ ᠢ ᠲᠡᠮᠡᠴᠡᠨ ᠣᠯᠵᠠᠢ᠃     ᠡᠨᠡ ᠵᠢᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠳᠤᠯᠠᠭᠠᠨ ᠢᠨᠵᠧᠨᠧᠷᠢᠩ︾ ᠤᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ 1 ᠬᠡᠷᠡᠭᠵᠢᠭᠦᠯᠵᠦ᠂ 5 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 18 ᠺᠢᠯᠣᠮᠧᠳ᠋ᠷ ᠢᠯᠴᠢ ᠬᠠᠩᠭᠠᠬᠤ ᠬᠤᠭᠤᠯᠠᠢ ᠳᠡᠪᠢᠰᠴᠦ᠂ ᠢᠯᠴᠢ ᠰᠣᠯᠢᠯᠴᠠᠬᠤ ᠠᠩᠬᠠᠨ ᠤ ᠥᠷᠲᠡᠭᠡ ᠶᠢᠨ ᠭᠤᠣᠯ ᠴᠣᠭᠴᠠ ᠶᠢ ᠨᠢᠭᠡᠨᠲᠡ ᠪᠡᠶᠡᠯᠡᠭᠦᠯᠵᠦ᠂ ᠲᠥᠬᠦᠭᠡᠷᠦᠮᠵᠢ ᠶᠢ ᠶᠠᠭ ᠲᠦᠷᠭᠡᠨ ᠤᠭᠰᠠᠷᠠᠵᠤ ᠪᠠᠶᠢᠨ᠎ᠠ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠳᠤᠯᠠᠭᠠᠨ ᠢᠨᠵᠧᠨᠧᠷᠢᠩ﹀ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 4.42 ᠳ᠋ᠦᠩᠰᠢᠭᠤᠷ ᠲᠥᠭᠦᠷᠢᠭ ᠲᠤ ᠬᠦᠷᠴᠦ᠂ ︿ᠳᠤᠯᠠᠭᠠᠨ ᠢᠨᠵᠧᠨᠧᠷᠢᠩ﹀ ᠤᠨ ᠴᠢᠬᠤᠯᠠ ᠶᠡᠭᠡ ᠲᠥᠷᠥᠯ ᠵᠦᠢᠯ ᠢ 6 ᠬᠡᠷᠡᠭᠵᠢᠭᠦᠯᠪᠡ᠃ ᠳᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠡᠳᠬᠢᠯ ᠲᠠᠯᠪᠢᠨ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠤᠨ ︿ᠰᠢᠵᠢᠷ ᠠᠯᠲᠠᠨ ᠬᠤᠭᠤᠴᠠᠭ᠎ᠠ﹀ ᠶᠢ ᠠᠮᠵᠢᠨ ᠠᠳᠬᠤᠵᠤ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠶᠢ ᠪᠠᠲᠤᠯᠠᠵᠤ᠂ ᠪᠦᠬᠦ ᠬᠤᠰᠢᠭᠤᠨ ᠤ ᠣᠯᠠᠨ ᠲᠦᠮᠡᠨ ᠳᠤ ᠬᠠᠨᠤᠮᠵᠢᠲᠠᠢ ︿ᠬᠠᠯᠠᠭᠤᠨ ᠳᠤᠯᠠᠭᠠᠨ ᠬᠠᠷᠢᠭᠤᠯᠲᠠ ᠶᠢᠨ ᠬᠠᠭᠤᠳᠠᠰᠤ﹀ ᠲᠤᠰᠢᠶᠠᠬᠤ ᠪᠠᠷ ᠴᠢᠷᠮᠠᠶᠢᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠴᠠᠩ ᡁᠢ ᠬᠤᠩ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠨᠡ ᠵᠢᠯ ᠤᠨ ︽ᠳᠤᠯᠠᠭᠠᠨ ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠨᠢ᠂ ᠭᠤᠣᠯᠳᠠᠭᠤ ᠳᠤᠯᠠᠭᠠᠯᠠᠭ᠎ᠠ ᠬᠠᠩᠭᠠᠬᠤ ᠳᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠬᠤ ᠵᠢᠴᠢ ᠢᠯᠴᠢ ᠬᠠᠩᠭᠠᠬᠤ ᠬᠤᠭᠤᠯᠠᠢ ᠲᠣᠣᠷ ᠢ ᠰᠢᠨ᠎ᠡ ᠪᠠᠷ ᠨᠡᠮᠡᠭᠳᠡᠭᠦᠯᠬᠦ ᠪᠠᠷ ᠳᠠᠮᠵᠢᠭᠤᠯᠤᠨ᠂ ᠢᠯᠴᠢ ᠶᠢᠨ ᠢᠷᠡᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠭᠤᠯᠠᠢ ᠶᠢᠨ ᠲᠣᠣᠷ ᠤᠨ ᠠᠵᠢᠯᠯᠠᠭᠠᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ︽ᠡᠪᠦᠯ ᠤᠨ ᠡᠪᠡᠳᠴᠢᠨ ᠢ ᠵᠤᠨ ᠵᠠᠰᠠᠬᠤ︾ ᠵᠠᠩᠭᠢᠯᠠᠭ᠎ᠠ ᠶᠢᠨ ᠬᠤᠭᠤᠴᠠᠭ᠎ᠠ ᠶᠢ ᠠᠰᠢᠭᠯᠠᠨ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠵᠤ ᠠᠷᠠᠴᠢᠯᠠᠬᠤ ᠵᠢᠴᠢ ᠴᠠᠬᠢᠯᠭᠠᠨ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠰᠢᠰᠲ᠋ᠧᠮ ᠢ ᠪᠦᠬᠦ ᠲᠠᠯ᠎ᠠ ᠪᠠᠷ ᠳᠡᠰ ᠳᠡᠪᠰᠢᠭᠦᠯᠦᠨ ᠳᠡᠭᠡᠭᠰᠢᠯᠡᠭᠦᠯᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠳᠤᠯᠠᠭᠠᠯᠠᠭ᠎ᠠ ᠶᠢᠨ ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ ᠢᠶᠠᠷ ᠢᠯᠴᠢ ᠬᠠᠩᠭᠠᠬᠤ ᠶᠢ ᠦᠨᠡᠨ ᠬᠦ ᠪᠠᠲᠤᠯᠠᠪᠠ᠃       
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号