ᠬᠤᠵᠢᠷᠯᠢᠭ ᠭᠠᠵᠠᠷ ᠤᠨ  ᠠᠮᠤ ᠪᠤᠳᠠᠭ᠎ᠠ ᠡᠯᠪᠡᠭ ᠬᠤᠷᠢᠶᠠᠯᠲᠠ ᠪᠠᠨ ᠤᠭᠲᠤᠨ᠎ᠠ
ᠨᠡᠶᠢᠲᠡᠯᠡᠭᠰᠡᠨ ᠴᠠᠭ᠄
2024/9/19
    ᠬᠡᠳᠦᠨ ᠰᠠᠷ᠎ᠠ ᠶᠢᠨ ᠲᠠᠷᠢᠶᠠᠯᠠᠬᠤ᠂ ᠤᠰᠤᠯᠠᠬᠤ᠂ ᠬᠠᠮᠠᠭᠠᠯᠠᠬᠤ ᠪᠠᠷ ᠳᠠᠮᠵᠢᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ ᠰᠤᠮᠤ ᠶᠢᠨ ᠭᠤᠸᠠᠩ ᠲᠠᠢ ᠬᠤᠤ ᠭᠠᠴᠠᠭᠠᠨ ᠤ 3500 ᠮᠦ ᠬᠤᠵᠢᠷᠯᠢᠭ ᠭᠠᠵᠠᠷ ᠢ ᠠᠷᠠᠴᠢᠯᠠᠨ ᠪᠤᠶᠢᠵᠢᠭᠤᠯᠵᠤ ᠳᠡᠭᠡᠭᠰᠢᠯᠡᠭᠦᠯᠬᠦ ᠲᠥᠷᠥᠯ ᠵᠦᠢᠯ ᠤᠨ ᠲᠤᠷᠰᠢᠯᠲᠠ ᠶᠢᠨ ᠲᠠᠷᠢᠶᠠᠨ ᠤ ᠲᠠᠷᠢᠮᠠᠯ ᠪᠣᠯᠪᠠᠰᠤᠷᠠᠯᠲᠠ ᠶᠢᠨ ᠬᠤᠭᠤᠴᠠᠭᠠᠨ ᠳᠤ ᠣᠷᠣᠪᠠ᠃     ᠭᠤᠸᠠᠩ ᠲᠠᠢ ᠬᠤᠤ ᠭᠠᠴᠠᠭ᠎ᠠ ᠶᠢᠨ ᠬᠤᠵᠢᠷᠯᠢᠭ ᠭᠠᠵᠠᠷ ᠢ ᠠᠷᠠᠴᠢᠯᠠᠨ ᠪᠤᠶᠢᠵᠢᠭᠤᠯᠵᠤ ᠳᠡᠭᠡᠭᠰᠢᠯᠡᠭᠦᠯᠬᠦ ᠲᠥᠷᠥᠯ ᠵᠦᠢᠯ ᠤᠨ ᠲᠤᠷᠰᠢᠯᠲᠠ ᠶᠢᠨ ᠲᠠᠷᠢᠶᠠᠨ ᠳᠤ᠂ ᠡᠷᠳᠡᠨᠢ ᠰᠢᠰᠢ ᠰᠡᠬᠦ᠋ᠢᠨ ᠰᠦᠨᠳᠡᠷᠯᠡᠵᠦ᠂ ᠲᠣᠮᠣ ᠪᠤᠷᠴᠠᠭᠲᠤ ᠬᠡᠩᠭᠡᠷᠭᠡ ᠲᠣᠮᠣ᠂ ᠲᠤᠲᠤᠷᠭ᠎ᠠ ᠶᠢᠨ ᠦᠨᠦᠷ ᠬᠠᠩᠬᠤᠯᠵᠤ᠂ ᠠᠵᠢᠯᠴᠢᠳ ᠶᠠᠭ ᠡᠪᠡᠰᠦ ᠬᠠᠳᠤᠬᠤ ᠮᠠᠰᠢᠨ ᠢᠶᠠᠨ ᠨᠡᠭᠡᠭᠡᠵᠦ ᠨᠣᠬᠠᠢ ᠶᠢᠨ ᠬᠤᠰᠢᠭᠤ ᠶᠢᠨ ᠲᠠᠷᠢᠶᠠᠨ ᠳᠤ ᠢᠷᠡᠵᠦ ᠡᠪᠡᠰᠦ ᠬᠠᠳᠤᠵᠤ ᠪᠠᠶᠢᠨ᠎ᠠ᠃ ᠪᠠᠶᠠᠨᠨᠠᠭᠤᠷ ᠰᠤᠮᠤ ᠶᠢᠨ ᠭᠤᠸᠠᠩ ᠲᠠᠢ ᠬᠤᠤ ᠭᠠᠴᠠᠭᠠᠨ ᠤ ᠠᠷᠠᠳ ᠵᠠᠩ ᠱᠦᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠷᠡ ᠲᠤᠷᠰᠢᠯᠲᠠ ᠶᠢᠨ ᠲᠠᠷᠢᠶᠠᠨ ᠳᠤ ᠠᠵᠢᠯᠯᠠᠵᠤ ᠪᠠᠶᠢᠨ᠎ᠠ᠂ ᠥᠪᠡᠷ ᠤᠨ ᠲᠠᠷᠢᠶᠠᠨ ᠤ ᠠᠵᠢᠯ ᠢ ᠰᠠᠭᠠᠲᠠᠭᠠᠬᠤ ᠦᠭᠡᠢ ᠮᠥᠷᠲᠡᠭᠡᠨ ᠪᠠᠰᠠ ᠣᠷᠣᠯᠭ᠎ᠠ ᠶᠢ ᠨᠡᠮᠡᠭᠳᠡᠭᠦᠯᠵᠦ ᠪᠣᠯᠤᠨ᠎ᠠ ᠭᠡᠵᠡᠢ᠃ ︽ᠪᠢ ᠲᠠᠷᠢᠶᠠᠨ ᠳᠤ ᠢᠷᠡᠵᠦ ᠠᠵᠢᠯ ᠬᠢᠵᠦ᠂ ᠨᠢᠭᠡ ᠡᠳᠦᠷ ᠲᠤ 200 ᠲᠥᠭᠦᠷᠢᠭ᠂ ᠲᠠᠷᠢᠬᠤ ᠮᠡᠷᠭᠡᠵᠢᠯ ᠢ ᠰᠤᠷᠴᠤ ᠪᠣᠯᠬᠤ ᠪᠠᠷ ᠪᠠᠷᠠᠬᠤ ᠦᠭᠡᠢ᠂ ᠪᠠᠰᠠ ᠭᠡᠷ ᠤᠨ ᠬᠡᠷᠡᠭᠰᠡᠯ ᠢ ᠨᠥᠬᠦᠪᠥᠷᠢᠯᠡᠵᠦ ᠲᠠᠶᠢᠯᠤᠨ᠎ᠠ︾ ᠬᠡᠵᠤ ᠪᠠᠶᠠᠨᠨᠠᠭᠤᠷ ᠰᠤᠮᠤ ᠶᠢᠨ ᠭᠤᠸᠠᠩ ᠲᠠᠢ ᠬᠤᠤ ᠭᠠᠴᠠᠭᠠᠨ ᠤ ᠠᠷᠠᠳ ᠵᠠᠩ ᠱᠦᠨ ᠬᠡᠯᠡᠪᠡ᠃    ᠡᠨᠡ ᠬᠡᠰᠡᠭ ᠠᠭᠤᠳᠠᠮ ᠨᠤᠲᠤᠭ ᠳᠡᠭᠡᠷ᠎ᠡ ᠬᠤᠵᠢᠷᠯᠢᠭ ᠯᠠᠭ ᠰᠢᠪᠠᠷ ᠨᠢ ᠴᠠᠭᠠᠨ ᠬᠢᠷᠠᠭᠤ ᠤᠨᠠᠵᠤ ᠳᠠᠷᠢᠶ᠎ᠠ ᠨᠢ ᠡᠯᠪᠡᠭ ᠬᠤᠷᠢᠶᠠᠯᠲᠠ ᠣᠯᠬᠤᠶ᠎ᠠ ᠪᠡᠷᠬᠡ᠃ ᠥᠨᠥᠳᠦᠷ ᠬᠠᠷᠢᠨ ᠨᠢᠳᠦ ᠳᠦᠭᠦᠷᠡᠩ ᠴᠡᠩᠬᠡᠷ ᠬᠠᠷᠠᠭᠳᠠᠨ᠎ᠠ᠃ ᠲᠤᠷᠰᠢᠯᠲᠠ ᠶᠢᠨ ᠲᠠᠷᠢᠶᠠᠨ ᠭᠠᠵᠠᠷ ᠢ ᠤᠷᠪᠠᠭᠤᠯᠬᠤ᠂ ᠲᠠᠷᠢᠬᠤ᠂ ᠬᠤᠷᠢᠶᠠᠬᠤ ᠵᠡᠷᠭᠡ ᠲᠠᠷᠢᠶᠠᠨ ᠠᠵᠢᠯ ᠢ ᠴᠥᠮ ᠬᠥᠯᠥᠰᠥᠨ ᠠᠵᠢᠯᠴᠢᠨ ᠬᠥᠯᠥᠰᠥᠯᠡᠬᠦ ᠴᠢᠬᠤᠯᠠᠲᠠᠢ᠂ ᠬᠥᠯᠥᠰᠥᠨ ᠠᠵᠢᠯᠴᠢᠨ ᠤ ᠴᠠᠯᠢᠩ ᠨᠢ ᠨᠢᠭᠡ ᠡᠳᠦᠷ ᠲᠤ 200 ᠲᠥᠭᠦᠷᠢᠭ ᠪᠠᠶᠢᠵᠤ᠂ ᠲᠣᠰᠬᠤᠨ ᠤ ᠠᠷᠠᠳ ᠤᠨ ᠮᠠᠰᠢᠨ ᠢ ᠨᠢᠭᠡ ᠵᠢᠯ ᠳᠤ 50 ᠲᠦᠮᠡᠨ ᠲᠥᠭᠦᠷᠢᠭ ᠲᠦᠷᠢᠶᠡᠰᠦᠯᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠪᠠ᠂ ᠡᠨᠡ ᠬᠦ ᠲᠤᠷᠰᠢᠯᠲᠠ ᠶᠢᠨ ᠲᠠᠷᠢ᠊ ᠡᠶ᠎ᠡ ᠨᠢ ᠨᠢᠭᠡᠨᠲᠡ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠦᠷᠢᠶᠡᠯᠡᠩ ᠪᠣᠯᠤᠭᠰᠠᠨ ᠪᠠᠶᠢᠨ᠎ᠠ᠃ ︽ᠭᠠᠴᠠᠭᠠᠨ ᠤ ᠬᠤᠵᠢᠷᠯᠢᠭ ᠭᠠᠵᠠᠷ ᠢ ᠬᠠᠷᠠᠭᠠᠳ ᠮᠠᠰᠢ ᠪᠠᠶᠠᠷᠯᠠᠵᠤ᠂ ᠰᠡᠳᠬᠢᠯ ᠳᠣᠲᠣᠷ᠎ᠠ ᠪᠠᠨ ᠣᠨᠴᠠᠭᠠᠢ ᠪᠠᠶᠠᠷᠯᠠᠵᠤ᠂ ᠴᠢᠯᠥᠭᠡᠲᠡᠢ ᠲᠣᠰᠬᠤᠨ ᠤ ᠠᠷᠠᠳ ᠪᠠᠰᠠ ᠰᠠᠭᠤᠷᠢᠨ ᠭᠠᠵᠠᠷ ᠲᠤ ᠬᠦᠷᠴᠦ ᠠᠵᠢᠯ ᠬᠢᠵᠦ ᠵᠣᠭᠤᠰ ᠣᠯᠵᠤ ᠣᠷᠣᠯᠭ᠎ᠠ ᠪᠠᠨ ᠨᠡᠮᠡᠭᠳᠡᠭᠦᠯᠵᠦ᠂ ᠲᠤᠷᠰᠢᠯᠲᠠ ᠶᠢᠨ ᠲᠠᠷᠢ᠊ ᠡᠶ᠎ᠡ ᠶᠢ ᠵᠢᠯ ᠪᠦᠷᠢ 30 ᠭᠠᠷᠤᠢ ᠡᠷᠦᠬᠡ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ ᠣᠳᠣ ᠬᠤᠵᠢᠷᠯᠢᠭ ᠭᠠᠵᠠᠷ ᠢ ᠪᠦᠲᠦᠮᠵᠢᠲᠡᠢ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠰᠠᠶᠢᠵᠢᠷᠠᠵᠤ᠂ ᠠᠷᠠᠳ ᠣᠯᠠᠨ ᠤ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃︾ ᠪᠠᠶᠠᠨᠨᠠᠭᠤᠷ ᠰᠤᠮᠤ ᠶᠢᠨ ᠭᠤᠸᠠᠩ ᠲᠠᠢ ᠬᠤᠤ ᠭᠠᠴᠠᠭᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠱᠢ ᠰᠦᠩ ᠬᠡᠯᠡᠪᠡ᠃         ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠩ ᠲᠠᠢ ᠬᠤᠤ ᠭᠠᠴᠠᠭᠠᠨ ᠤ ᠠᠷᠠᠴᠢᠯᠠᠨ ᠪᠤᠶᠢᠵᠢᠭᠤᠯᠵᠤ ᠳᠡᠭᠡᠭᠰᠢᠯᠡᠭᠦᠯᠬᠦ ᠲᠥᠷᠥᠯ ᠵᠦᠢᠯ ᠢ 2021 ᠣᠨ ᠳᠤ ᠡᠬᠢᠯᠡᠭᠦᠯᠵᠦ᠂ ᠬᠤᠷᠴᠢᠨ ᠤ ᠬᠤᠵᠢᠷᠯᠢᠭ ᠭᠠᠵᠠᠷ ᠢ ᠵᠠᠰᠠᠬᠤ᠂ ᠲᠠᠷᠢᠶᠠᠨ ᠭᠠᠵᠠᠷ ᠤᠨ ᠲᠠᠯᠠᠪᠠᠢ ᠶᠢ ᠨᠡᠮᠡᠭᠳᠡᠭᠦᠯᠬᠦ᠂ ᠥᠨᠳᠥᠷ ᠤᠨᠠᠯᠲᠠ ᠲᠠᠢ ᠪᠥᠭᠡᠳ ᠲᠣᠭᠲᠠᠭᠤᠨ ᠤᠨᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ ᠭᠤᠣᠯ ᠬᠠᠷᠠᠯᠲᠠ ᠪᠣᠯᠭᠠᠵᠤ᠂ ᠤᠰᠤᠨ ᠤ ᠡᠬᠢ ᠰᠤᠷᠪᠤᠯᠵᠢ ᠶᠢ ᠪᠠᠲᠤᠯᠠᠬᠤ᠂ ᠤᠰᠤᠯᠠᠬᠤ ᠪᠠ ᠤᠰᠤ ᠲᠠᠲᠠᠷᠠᠭᠤᠯᠬᠤ ᠶᠢ ᠢᠵᠢ ᠪᠦᠷᠢᠳᠦᠭᠦᠯᠬᠦ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠰᠠᠭᠤᠷᠢ ᠶᠢ ᠰᠠᠶᠢᠲᠤᠷ ᠪᠣᠯᠭᠠᠬᠤ ᠪᠠᠷ ᠳᠠᠮᠵᠢᠭᠤᠯᠤᠨ᠂ ᠲᠦᠷᠭᠡᠨ ᠪᠥᠭᠡᠳ ᠥᠨᠳᠥᠷ ᠪᠦᠲᠦᠮᠵᠢᠲᠡᠢ ᠳᠠᠪᠤᠰᠤ ᠭᠠᠳᠠᠭᠰᠢᠯᠠᠭᠤᠯᠬᠤ ᠠᠷᠭ᠎ᠠ ᠵᠡᠷᠭᠡ ᠢᠵᠢ ᠪᠦᠷᠢᠳᠦᠭᠦᠯᠬᠦ ᠮᠡᠷᠭᠡᠵᠢᠯ ᠢ ᠠᠪᠴᠤ᠂ ᠬᠤᠵᠢᠷᠯᠢᠭ ᠭᠠᠵᠠᠷ ᠲᠤ ᠥᠨᠳᠥᠷ ᠤᠨᠠᠯᠲᠠ ᠲᠠᠢ ᠤᠰᠤᠨ ᠲᠤᠲᠤᠷᠭ᠎ᠠ᠂ ᠡᠷᠳᠡᠨᠢ ᠰᠢᠰᠢ᠂ ᠰᠢᠷ᠎ᠠ ᠪᠤᠷᠴᠠᠭ᠂ ᠨᠣᠬᠠᠢ ᠶᠢᠨ ᠬᠤᠰᠢᠭᠤ ᠵᠡᠷᠭᠡ ᠳᠥᠷᠪᠡᠨ ᠶᠡᠭᠡ ᠲᠥᠷᠥᠯ ᠤᠨ ᠲᠠᠷᠢᠮᠠᠯ ᠢ ᠠᠮᠵᠢᠯᠲᠠ ᠲᠠᠢ ᠳᠠᠷᠢᠪᠠ᠃ ︽ᠪᠢᠳᠡ ᠭᠤᠸᠠᠩ ᠲᠠᠢ ᠬᠤᠤ ᠭᠠᠴᠠᠭ᠎ᠠ ᠳᠤ 3500 ᠮᠦ ᠭᠠᠵᠠᠷ ᠲᠤ ᠲᠤᠷᠰᠢᠯᠲᠠ ᠶᠢᠨ ᠲᠠᠷᠢ᠊ ᠡᠶ᠎ᠡ ᠪᠣᠯᠤᠭᠰᠠᠨ ᠤ ᠬᠤᠪᠢ ᠳᠤ᠂ ᠡᠨᠡ ᠵᠢᠯ ᠤᠨ ᠡᠷᠳᠡᠨᠢ ᠰᠢᠰᠢ ᠶᠢᠨ ᠤᠨᠠᠯᠲᠠ ᠶᠢ ᠮᠦ ᠪᠦᠷᠢ ᠳᠤ 700 ᠺᠢᠯᠣᠭ᠍ᠷᠠᠮ ᠬᠦᠷᠭᠡᠵᠦ᠂ ᠲᠤᠷᠰᠢᠯᠲᠠ ᠶᠢᠨ ᠭᠠᠵᠠᠷ ᠲᠤ ᠨᠣᠬᠠᠢ ᠶᠢᠨ ᠬᠤᠰᠢᠭᠤ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠲᠠᠷᠢᠵᠦ᠂ ᠡᠨᠡ ᠬᠦ ᠬᠤᠵᠢᠷᠯᠢᠭ ᠭᠠᠵᠠᠷ ᠢ ᠰᠠᠶᠢᠵᠢᠷᠠᠭᠤᠯᠬᠤ ᠳᠤ ᠠᠯᠢ ᠣᠯᠠᠨ ᠯᠤᠲᠤ ᠶᠡᠭᠡ ᠬᠤᠪᠢᠷᠠᠯᠲᠠ ᠭᠠᠷᠴᠠᠢ᠂ ᠪᠢᠳᠡ ᠦᠷᠭᠦᠯᠵᠢᠯᠡᠨ ᠨᠡᠩ ᠣᠯᠠᠨ ᠲᠤᠷᠰᠢᠯᠲᠠ ᠬᠢᠵᠦ ᠬᠤᠵᠢᠷᠯᠢᠭ ᠭᠠᠵᠠᠷ ᠤᠨ ᠲᠠᠷᠢᠶᠠᠯᠠᠩ ᠤᠨ ᠠᠰᠢᠭᠯᠠᠯᠲᠠ ᠶᠢᠨ ᠦᠨ᠎ᠡ ᠥᠷᠲᠡᠭ ᠢ ᠳᠡᠭᠡᠭᠰᠢᠯᠡᠭᠦᠯᠬᠦ ᠪᠣᠯᠤᠨ᠎ᠠ︾ ᠭᠡᠵᠦ ᠬᠢᠩᠭᠠᠨ ᠠᠶᠢᠮᠠᠭ ᠤᠨ ᠰᠢᠨ ᠲᠢᠶᠠᠨ ᠳ᠋ᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠤᠤ ᡁᠢ ᠭᠤᠸᠠᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号