ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠭᠡᠬᠦ︾ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/9/19
   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠲᠥᠯᠥᠭᠡ᠂ 41 ᠳ᠋ᠦ᠋ᠭᠡᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠬᠤᠯᠪᠣᠭᠳᠠᠯ ᠪᠦᠬᠦᠢ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠥᠷᠭᠡᠨ ᠢᠶᠠᠷ ᠪᠣᠢ ᠪᠣᠯᠭᠠᠪᠠ᠃    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠷᠠᠨᠢᠭᠤᠷ ᠰᠤᠮᠤ᠂ ᠪᠠᠷᠠᠭᠤᠨ ᠵᠢᠷᠢᠮ ᠪᠠᠯᠭᠠᠰᠤ᠂ ᠡᠮᠲᠦ ᠶᠢᠨ ᠭᠤᠣᠯ ᠰᠤᠮᠤ᠂ ᠲᠦᠯᠢᠶᠡᠮᠤᠳᠤ ᠪᠠᠯᠭᠠᠰᠤᠨ ᠳᠤ ᠭᠦᠨᠵᠡᠭᠡᠶᠢᠷᠡᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ︾ ᠶᠢᠨ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠨᠡᠷ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠪᠡ᠃ ᠠᠮᠢᠳᠤᠯᠢᠭ ᠵᠢᠱᠢᠶ᠎ᠡ ᠪᠠ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠪᠣᠯ ᠤᠯᠤᠰ ᠤᠨ ᠲᠣᠭᠲᠠᠭᠤᠨ ᠪᠠᠶᠢᠳᠠᠯ ᠪᠠ ᠬᠥᠭᠵᠢᠯᠲᠡ ᠶᠢᠨ ᠰᠠᠭᠤᠷᠢ ᠮᠥᠨ ᠭᠡᠳᠡᠭ ᠢ ᠣᠯᠠᠨ ᠳᠤ ᠭᠦᠨᠵᠡᠭᠡᠢ ᠲᠠᠨᠢᠭᠤᠯᠪᠠ᠃ ᠡᠭᠦᠨ ᠤ ᠬᠠᠮᠲᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠠᠮᠢᠳᠤᠯᠢᠭ ᠢᠶᠠᠷ ᠲᠠᠶᠢᠯᠪᠤᠷᠢᠯᠠᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨᠵᠡᠭᠡᠢ ᠠᠭᠤᠯᠤᠭᠳᠠᠬᠤᠨ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠨᠳᠦᠰᠦᠨ ᠣᠶᠢᠯᠠᠭᠠᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠢ ᠪᠣᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠯᠧᠺᠲ᠋ᠣᠷ ᠪᠠᠰᠠ ᠲᠡᠦᠬᠡ᠂ ᠰᠣᠶᠣᠯ᠂ ᠬᠠᠤᠯᠢ ᠴᠠᠭᠠᠵᠠ ᠵᠡᠷᠭᠡ ᠣᠯᠠᠨ ᠲᠠᠯ᠎ᠠ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠬᠤᠯᠠ ᠴᠢᠨᠠᠷ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠰᠣᠨᠣᠰᠣᠭᠴᠢᠳ ᠲᠤ ᠭᠦᠨᠵᠡᠭᠡᠢ ᠲᠠᠨᠢᠭᠤᠯᠪᠠ᠃ ᠥᠷᠭᠡᠨ ᠣᠯᠠᠨ ᠲᠦᠮᠡᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠬᠠᠮᠲᠤ ᠶᠢᠨ ᠲᠠᠨᠢᠯᠲᠠ ᠶᠢᠨ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号