ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ︽9 · 18︾ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/19
   ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠲᠣᠨᠤᠭ ᠲᠥᠬᠦᠭᠡᠷᠦᠮᠵᠢ ᠶᠢᠨ ᠳᠠᠶᠢᠨ ᠤ ᠪᠡᠯᠡᠳᠬᠡᠯ ᠤᠨ ᠴᠢᠳᠠᠮᠵᠢ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ︽9 · 18︾ ᠢ ᠳᠤᠷᠠᠰᠬᠠᠬᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢ᠊ ᠡᠶ᠎ᠡ ᠶᠢ ᠲᠤᠷᠰᠢᠨ ᠳᠤᠤᠭᠠᠷᠭᠠᠬᠤ ᠪᠠ ᠤᠬᠠᠭᠤᠯᠬᠤ ᠠᠵᠢᠯᠯᠠᠭ᠎ᠠ ᠥᠷᠨᠢᠭᠦᠯᠪᠡ᠃ ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠠᠶᠠᠨᠬᠤᠰᠢᠭᠤ ᠪᠠᠯᠭᠠᠰᠤᠨ ᠤ ᠲᠣᠭᠤᠷᠢᠭ ᠤᠨ 17 ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠦᠷᠭᠦᠯᠵᠢᠯᠡᠨ ᠳᠤᠤᠭᠠᠷᠪᠠ᠃    ᠲᠦᠰᠢᠶᠡᠲᠦ ᠠᠭᠤᠳᠠᠮ ᠲᠠᠯᠠᠪᠠᠢ ᠳᠤ ︽918 ᠬᠡᠷᠡᠭ ᠬᠤᠪᠢᠰᠤᠯ︾ ᠢ ᠳᠤᠷᠠᠰᠬᠠᠬᠤ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠳ ᠣᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠮᠰᠠᠷ ᠪᠣᠯᠤᠨ ᠰᠠᠨᠠᠭᠠᠰᠢᠷᠠᠨ ᠵᠣᠪᠠᠨᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠤᠬᠠᠭᠤᠯᠬᠤ ᠠᠩᠭᠢ ᠨᠢ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ ᠳᠤ ᠣᠷᠣᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠂ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠢᠴᠢᠭᠦᠷᠢ ᠶᠢ ᠮᠠᠷᠲᠠᠵᠤ ᠪᠣᠯᠬᠤ ᠦᠭᠡᠢ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠵᠤ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠭᠤᠣᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ᠣᠳᠣᠬᠠᠨ ᠤ ᠨᠠᠮ ᠤᠨ ᠤᠳᠤᠷᠢᠳᠤᠯᠭ᠎ᠠ ᠳᠣᠣᠷᠠᠬᠢ ᠰᠠᠶᠢᠨ ᠰᠠᠶᠢᠬᠠᠨ ᠠᠮᠢᠳᠤᠷᠠᠯ ᠳᠤ ᠲᠠᠯᠠᠷᠬᠠᠵᠤ᠂ ᠠᠷᠠᠳ ᠣᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠮᠰᠠᠷ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠲᠡᠦᠬᠡ ᠪᠠᠨ ᠪᠠᠲᠤ ᠴᠡᠭᠡᠵᠢᠯᠡᠬᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠡᠩᠬᠡ ᠲᠠᠶᠢᠪᠤᠩ ᠢ ᠡᠷᠬᠢᠮᠯᠡᠬᠦ᠂ ᠢᠷᠡᠭᠡᠳᠦᠢ ᠶᠢ ᠨᠡᠭᠡᠭᠡᠬᠦ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠨᠡᠮᠡᠭᠳᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号