ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠪᠠ ᠲᠠᠷᠢᠶᠠᠯᠠᠩ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠬᠤ ᠬᠤᠶᠠᠷ ᠳᠦᠷᠢᠮ︾ ᠢ ᠬᠢᠨᠠᠨ ᠵᠥᠪᠯᠡᠵᠦ ᠪᠠᠲᠤᠯᠠᠪᠠ    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠪᠣᠯᠤᠨ ᠲᠠᠷᠢᠶᠠᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠬᠢᠨᠠᠨ ᠵᠥᠪᠯᠡᠵᠦ ᠪᠠᠲᠤᠯᠠᠨ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠷ ᠵᠦᠢᠯ ᠤᠨ ᠪᠣᠳᠠᠰ ᠢ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠳᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠦᠢᠯᠡᠰ ᠪᠣᠰᠬᠠᠬᠤ ᠪᠡᠯᠡ ᠣᠷᠣᠭᠤᠯᠤᠯᠲᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠳᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ︽ᠴᠤᠭᠯᠠᠭᠤᠯᠵᠤ ᠣᠷᠣᠭᠤᠯᠬᠤ ᠬᠠᠮᠢᠶᠠᠷᠬᠤ ᠪᠤᠴᠠᠭᠠᠬᠤ︾ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ ᠲᠦᠭᠵᠢᠷᠡᠯ ᠴᠡᠭ ᠢ ᠲᠦᠷᠭᠡᠬᠡᠨ ᠨᠡᠪᠲᠡᠷᠡᠭᠦᠯᠵᠦ᠂ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠭᠠᠳᠠᠨ᠎ᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠨᠡᠶᠢᠯᠡᠭᠦᠯᠦᠨ ᠬᠤᠳᠠᠯᠳᠤᠨ ᠠᠪᠬᠤ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠪᠣᠳᠠᠲᠤ ᠶᠠᠭᠤᠮ᠎ᠠ ᠪᠠᠷ ᠬᠤᠪᠢᠶᠠᠷᠢᠯᠠᠬᠤ ᠰᠲ᠋ᠣᠺ ᠤᠨ ᠴᠡᠭ ᠢ ᠳᠡᠯᠭᠡᠷᠡᠭᠦᠯᠵᠦ᠂ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠡᠬᠡ ᠰᠠᠭᠤᠷᠢ ᠮᠥᠩᠭᠦ ᠶᠢ ᠵᠠᠬ᠎ᠠ ᠳᠡᠯᠭᠡᠭᠦᠷᠴᠢᠯᠡᠨ ᠨᠡᠶᠢᠯᠡᠭᠦᠯᠦᠨ ᠬᠤᠳᠠᠯᠳᠤᠨ ᠠᠪᠬᠤ ᠪᠤᠶᠤ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ ᠶᠢ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠢᠯ ᠲᠥᠷᠥᠯ ᠤᠨ ᠰᠠᠶᠢᠨ ᠣᠷᠴᠢᠯ ᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠡᠯᠡ ᠮᠥᠩᠭᠦ ᠶᠢ ᠨᠡᠩ ᠬᠠᠷᠢᠭᠤᠴᠠᠯᠭ᠎ᠠ ᠲᠠᠢ ᠤᠷᠲᠤ ᠬᠤᠭᠤᠴᠠᠭᠠᠨ ᠤ ᠬᠦᠷᠦᠩᠭᠡ᠂ ᠬᠦᠯᠢᠴᠡᠩᠭᠦᠢ ᠬᠥᠷᠥᠩᠭᠡ ᠪᠣᠯᠭᠠᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠪᠡᠯᠡ ᠮᠥᠩᠭᠦ ᠪᠠᠷ ᠪᠡᠯᠡ ᠭᠠᠷᠭᠠᠬᠤ᠂ ᠬᠢᠨᠠᠨ ᠰᠢᠯᠭᠠᠬᠤ᠂ ᠠᠯᠳᠠᠭ᠎ᠠ ᠪᠤᠷᠤᠭᠤ ᠶᠢ ᠪᠠᠭᠲᠠᠭᠠᠬᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ᠃    ᠬᠤᠷᠠᠯ ᠠᠴᠠ᠂ ᠡᠨᠡ ᠵᠢᠯ ᠠᠴᠠ ᠨᠠᠭᠠᠰᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠲᠠᠷᠢᠶᠠᠯᠠᠩ ᠤᠨ ᠠᠵᠢᠯ ᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠦᠶᠡᠷ ᠤᠰᠤᠲᠤᠯ ᠤᠨ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠪᠦᠲᠦᠮᠵᠢᠲᠡᠢ ᠠᠷᠭᠠᠴᠠᠵᠤ᠂ ᠵᠤᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠡᠷᠡᠮᠡᠯᠵᠡᠯ ᠲᠠᠢ ᠪᠠᠶᠢᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠠᠶᠢᠬᠤ ᠪᠣᠯᠪᠠ ᠃ ︽ᠭᠤᠷᠪᠠᠨ ᠨᠠᠮᠤᠷ︾ ᠤᠨ ᠠᠮᠤ ᠪᠤᠳᠠᠭᠠᠨ ᠤ ᠦᠢᠯᠡᠳᠪᠦᠷᠢᠯᠡᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠠᠶᠢᠲᠤᠷ ᠠᠳᠬᠤᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠬᠤ ᠶᠢ ᠴᠢᠩᠭᠠᠳᠬᠠᠵᠤ᠂ ᠮᠠᠰᠢᠨ ᠢᠶᠠᠷ ᠬᠤᠷᠢᠶᠠᠬᠤ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠰᠠᠶᠢᠲᠤᠷ ᠬᠢᠵᠦ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ ᠪᠡᠯᠡᠳᠬᠡᠯ ᠲᠥᠰᠦᠯ ᠢ ᠡᠷᠲᠡᠬᠡᠨ ᠰᠤᠳᠤᠯᠤᠨ ᠲᠣᠭᠲᠠᠭᠠᠵᠤ᠂ ᠰᠢᠨ᠎ᠡ ᠣᠨ ᠤ ᠪᠤᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠲᠦᠷᠭᠡᠬᠡᠨ ᠨᠡᠶᠢᠲᠡᠯᠡᠵᠦ᠂ ᠰᠢᠷ᠎ᠠ ᠪᠤᠷᠴᠠᠭ ᠡᠳ᠋ᠰᠢᠭᠦᠯᠬᠦ ᠶᠢᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠦᠬᠡᠷ ᠬᠤᠨᠢ ᠲᠡᠵᠢᠭᠡᠨ ᠦᠷᠡᠵᠢᠭᠦᠯᠬᠦ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠱᠠᠯᠠᠪᠳᠠᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ᠃    ᠬᠤᠷᠠᠯ ᠠᠴᠠ ︽ᠦᠷᠡᠭᠳᠡᠭᠰᠡᠨ ᠪᠠᠭᠠᠲᠤᠷᠴᠤᠳ ᠢ ᠬᠥᠬᠢᠭᠦᠯᠦᠨ ᠰᠠᠶᠢᠰᠢᠶᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠶᠢ ᠴᠢᠩᠭᠠᠳᠬᠠᠬᠤ ᠨᠢ ᠨᠠᠮ ᠪᠣᠯᠤᠨ ᠤᠯᠤᠰ ᠠᠴᠠ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠢᠯᠡᠷᠡᠭᠦᠯᠪᠡ᠃ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠠᠮᠢᠳᠤᠷᠠᠯ ᠤᠨ ᠲᠠᠯ᠎ᠠ ᠪᠠᠷ᠂ ᠠᠵᠢᠯ ᠤᠨ ᠲᠠᠯ᠎ᠠ ᠪᠠᠷ ᠨᠡᠩ ᠢᠯᠡᠭᠦᠦ ᠬᠠᠯᠠᠮᠵᠢᠯᠠᠨ ᠠᠩᠬᠠᠷᠴᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠡᠷᠬᠢᠮ ᠨᠠᠨᠳᠢᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ ᠬᠦᠨᠳᠦᠳᠬᠡᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠷ ᠵᠦᠢᠯ ᠤᠨ ᠭᠠᠳᠠᠭᠠᠳᠤ ᠭᠠᠷᠭᠠᠯᠲᠠ ᠶᠢ ᠵᠠᠬᠢᠷᠤᠨ ᠬᠠᠮᠢᠶᠠᠷᠬᠤ ᠳᠦᠷᠢᠮ ᠲᠥᠰᠦᠯ︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号