ᠬᠤᠶᠠᠷᠰᠤᠮᠤ ᠪᠠᠯᠭᠠᠰᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 9 ᠰᠠᠷ᠎ᠠ ᠶᠢᠨ 1 ᠤ ᠡᠳᠦᠷ᠂ ᠬᠤᠶᠠᠷᠰᠤᠮᠤ ᠪᠠᠯᠭᠠᠰᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠼᠠᠢ ᠰᠢᠶᠠ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠤᠨ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠴᠡᠭᠡᠯᠪᠡᠷᠢᠯᠮᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠭᠤᠤ ᠲᠢᠩ ᠨᠥᠬᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠯᠲᠤ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    ᠬᠤᠷᠠᠯ ᠠᠴᠠ ᠡᠮᠦᠨ᠎ᠡ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠭᠦᠨᠵᠡᠭᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠲᠢᠭᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠴᠢᠩᠭ᠎ᠠ ᠪᠣᠳᠠᠲᠠᠢ ᠪᠡᠯᠡᠳᠬᠡᠵᠦ᠂ ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠪᠡ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠼᠠᠢ ᠰᠢᠶᠠ ᠨᠥᠬᠦᠷ ᠡᠩ ᠲᠡᠷᠢᠭᠦᠨ ᠳᠤ ᠲᠤᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠪᠠᠯᠭᠠᠰᠤᠨ ᠤ ᠨᠠᠮ ᠵᠠᠰᠠᠭ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠲᠦᠷᠦᠭᠦᠯᠡᠨ ᠪᠠᠶᠢᠴᠠᠭᠠᠨ ᠦᠵᠡᠵᠦ ᠵᠠᠳᠠᠯᠤᠨ ᠰᠢᠨᠵᠢᠯᠡᠭᠡᠳ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠵᠦ᠂ ᠪᠤᠰᠤᠳ ᠪᠠᠭ ᠤᠨ ᠪᠦᠷᠢᠯᠳᠦᠬᠦᠨ ᠲᠡᠭᠦᠨ ᠳᠤ ᠨᠢᠭᠡᠳ ᠨᠢᠭᠡ ᠪᠠᠷ ᠰᠢᠭᠦᠮᠵᠢᠯᠡᠬᠦ ᠰᠠᠨᠠᠯ ᠳᠤᠷᠠᠳᠪᠠ᠃ ᠳᠠᠷᠠᠭ᠎ᠠ ᠨᠢ᠂ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠵᠣᠬᠢᠶᠠᠨ ᠪᠠᠶᠢᠭᠤᠯᠤᠯᠲᠠ᠂ ᠨᠥᠬᠦᠳ ᠂ ᠠᠵᠢᠯ ᠦᠢᠯᠡᠰ᠂ ᠥᠪᠡᠷ ᠤᠨ ᠪᠡᠶ᠎ᠡ ᠳᠤ ᠪᠠᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠬᠤᠪᠢ ᠬᠥᠮᠦᠨ ᠤ ᠦᠵᠡᠯ ᠰᠠᠨᠠᠭ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠵᠦ᠂ ᠣᠯᠠᠨ ᠢᠶᠠᠷ ᠢᠶᠠᠨ ᠠᠰᠠᠭᠤᠳᠠᠯ ᠳᠤ ᠰᠢᠭᠤᠳ ᠬᠠᠨᠳᠤᠵᠤ᠂ ᠦᠨᠡᠨᠴᠢ ᠪᠠᠷ ᠬᠠᠨᠳᠤᠵᠤ᠂ ᠦᠨᠡᠨ ᠰᠡᠳᠬᠢᠯ ᠠᠴᠠ ᠪᠠᠨ ᠬᠠᠨᠳᠤᠵᠤ᠂ ᠦᠨᠡᠨ ᠠᠴᠠ ᠵᠥᠪ ᠢ ᠡᠷᠢᠵᠦ᠂ ᠴᠢᠬᠢ ᠶᠢ ᠬᠠᠵᠠᠵᠤ ᠬᠠᠨᠴᠤᠢ ᠶᠢ ᠨᠢ ᠲᠠᠲᠠᠬᠤ᠂ ᠴᠢᠷᠠᠢ ᠤᠯᠠᠶᠢᠯᠭᠠᠨ ᠬᠥᠯᠥᠰᠥ ᠭᠠᠷᠭᠠᠬᠤ ᠦᠷ᠎ᠡ ᠳ᠋ᠦᠩ ᠳᠤ ᠬᠦᠷᠴᠡᠢ᠃ ᠡᠴᠦᠰ ᠲᠤ᠂ ᠪᠠᠭ ᠤᠨ ᠪᠦᠷᠢᠯᠳᠦᠬᠦᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠵᠣᠷᠢᠯᠭ᠎ᠠ ᠳᠤ ᠦᠨᠡᠨ ᠬᠦ ᠬᠦᠷᠭᠡᠪᠡ᠃    ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠭᠤᠤ ᠲᠢᠩ ᠨᠥᠬᠦᠷ ᠪᠠᠯᠭᠠᠰᠤᠨ ᠤ ᠨᠠᠮ ᠤᠨ ᠬᠤᠷᠢᠶᠠᠨ ᠤ ᠲᠤᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠵᠦ᠂ ᠬᠤᠷᠠᠯ ᠠᠴᠠ ᠡᠮᠦᠨ᠎ᠡ ᠪᠡᠯᠡᠳᠬᠡᠭᠰᠡᠨ ᠮᠠᠲ᠋ᠧᠷᠢᠶᠠᠯ ᠨᠢ ᠨᠠᠷᠢᠨ ᠬᠢᠨᠠᠮᠠᠭᠠᠢ ᠪᠠᠶᠢᠵᠤ᠂ ᠬᠤᠷᠠᠯ ᠤᠨ ᠶᠠᠪᠤᠴᠠ ᠨᠢ ᠵᠢᠷᠤᠮᠵᠢᠭᠤᠨ᠂ ᠣᠪᠣᠷ ᠨᠢ ᠨᠠᠷᠢᠨ ᠬᠢᠨᠠᠮᠠᠭᠠᠢ ᠪᠠᠶᠢᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠢ᠂ ᠬᠤᠷᠠᠯ ᠤᠨ ᠦᠷ᠎ᠡ ᠪᠦᠲᠦᠮᠵᠢ ᠨᠢ ᠢᠯᠡᠷᠬᠡᠢ᠂ ᠵᠢᠱᠢᠭᠰᠡᠨ ᠬᠠᠷᠠᠯᠲᠠ ᠳᠠᠭᠠᠨ ᠬᠦᠷᠴᠡᠢ᠃ ᠡᠭᠦᠨ ᠤ ᠬᠠᠮᠲᠤ᠂ ᠲᠡᠷᠡ ᠪᠠᠰᠠ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠠᠷᠠᠭᠠᠴᠢ ᠶᠢᠨ ᠠᠯᠬᠤᠮ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠰᠠᠨᠠᠭᠤᠯᠭ᠎ᠠ ᠳᠤᠷᠠᠳᠪᠠ᠄ ᠬᠤᠶᠠᠷ ᠰᠤᠮᠤ ᠪᠠᠯᠭᠠᠰᠤᠨ ᠤ ᠨᠠᠮ ᠤᠨ ᠬᠤᠷᠢᠶ᠎ᠠ  ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠪᠣᠳᠠᠲᠠᠢ ᠶᠢ ᠡᠷᠬᠢᠮᠯᠡᠬᠦ ᠰᠤᠷᠲᠠᠯ᠂ ᠬᠠᠮᠤᠭ ᠤᠨ ᠡᠷᠡᠰ ᠪᠠᠲᠤ ᠢᠲᠡᠭᠡᠯ ᠵᠣᠷᠢᠭ ᠢᠶᠠᠷ ᠪᠠᠶᠢᠴᠠᠭᠠᠨ ᠳᠡᠯᠭᠡᠵᠦ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠬᠢᠭᠤᠯᠵᠤ᠂ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠠᠵᠢᠯ︾ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号