ᠲᠠᠷᠪᠤᠰ ᠤᠨ ᠣᠨᠴᠠᠯᠢᠭᠲᠤ ᠠᠵᠤ ᠦᠢᠯᠡᠰ ᠨᠢ ᠬᠥᠳᠡᠭᠡ ᠲᠣᠰᠬᠤᠨ ᠤ ᠬᠥᠭᠵᠢᠯᠲᠡ ᠳᠤ ᠤᠷ᠎ᠠ ᠴᠢᠳᠠᠪᠤᠷᠢ ᠤᠯᠭᠤᠵᠠᠢ
ᠨᠡᠶᠢᠲᠡᠯᠡᠭᠰᠡᠨ ᠴᠠᠭ᠄
2024/9/2
   ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠨᠢ ᠠᠵᠢᠯ ᠣᠯᠭᠤᠯᠲᠠ ᠶᠢ ᠳᠠᠶᠢᠴᠢᠯᠠᠵᠤ ᠣᠷᠣᠯᠭ᠎ᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠂ ᠣᠯᠠᠨ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠰᠤᠮᠤ ᠪᠠᠯᠭᠠᠰᠤ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠳᠠᠭᠠᠨ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠪᠠ ᠲᠣᠰᠬᠤᠨ ᠤ ᠠᠷᠠᠳ ᠤᠨ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠭᠰᠡᠨ ᠪᠠᠶᠢᠨ᠎ᠠ᠃ ᠲᠣᠰᠬᠤᠨ ᠤ ᠠᠷᠠᠳ ᠲᠠᠷᠢᠶᠠᠨ ᠭᠠᠵᠠᠷ ᠲᠤ ᠲᠠᠷᠪᠤᠰ ᠲᠡᠭᠦᠵᠦ ᠪᠠᠶᠢᠨ᠎ᠠ᠃ ᠣᠳᠣᠬᠠᠨ ᠳᠤ᠂ ᠲᠠᠷᠪᠤᠰ ᠪᠣᠯᠪᠠᠰᠤᠷᠠᠭᠰᠠᠨ ᠤᠯᠠᠷᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤ ᠶᠢᠨ ᠬᠠᠯᠵᠠᠨ ᠮᠠᠩᠬ᠎ᠠ ᠭᠠᠴᠠᠭᠠᠨ ᠤ ᠨᠠᠢᠮᠠᠨ ᠠᠶᠢᠯ ᠤᠨ ᠠᠶᠢᠯ ᠳᠤ ᠣᠷᠣᠬᠤ ᠳᠤ᠂ ᠬᠡᠰᠡᠭ ᠲᠠᠷᠪᠤᠰ ᠳᠦᠭᠦᠷᠡᠩ ᠲᠠᠷᠪᠤᠰ ᠮᠠᠰᠢ ᠪᠠᠶᠠᠷᠯᠠᠵᠤ᠂ ᠲᠣᠰᠬᠤᠨ ᠤ ᠠᠷᠠᠳ ᠶᠠᠭ ᠭᠤᠸᠠ ᠰᠣᠩᠭᠤᠵᠤ᠂ ᠲᠡᠷᠭᠡᠨ ᠳᠤ ᠠᠴᠢᠶᠠᠯᠠᠵᠤ᠂ ᠮᠠᠰᠢ ᠶᠠᠭᠠᠷᠠᠤ ᠪᠠᠶᠢᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠤᠷᠢᠳᠠᠪᠠᠷ ᠬᠥᠭᠵᠢᠭᠦᠯᠬᠦ ᠬᠡᠷᠡᠭᠲᠡᠢ᠃ ᠳᠠᠶᠢᠴᠢᠨᠲᠠᠯ᠎ᠠ ᠰᠤᠮᠤ ᠶᠢᠨ ᠬᠠᠯᠵᠢ ᠶᠢᠨ ᠮᠠᠩᠬ᠎ᠠ ᠭᠠᠴᠠᠭᠠᠨ ᠤ ᠨᠢᠭᠡᠳᠦᠭᠡᠷ ᠱᠦᠵᠢ ᠨᠠᠷᠠᠨᠮᠠᠨᠳᠤᠯ ᠲᠣᠰᠬᠤᠨ ᠳᠤ ᠰᠠᠭᠤᠭᠰᠠᠨ ᠠᠴᠠ ᠨᠠᠰᠢ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠵᠠᠮ ᠡᠷᠢᠵᠦ᠂ ᠬᠥᠭᠵᠢᠯᠲᠡ ᠶᠢ ᠡᠷᠢᠯᠬᠢᠯᠡᠵᠦ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠴᠠᠭᠠᠨ ᠤ ︽ᠬᠤᠶᠠᠷ ᠵᠥᠪᠯᠡᠯ︾ ᠢ ᠭᠦᠨᠵᠡᠭᠡᠢ ᠪᠣᠳᠣᠯᠬᠢᠯᠠᠭᠰᠠᠨ ᠤ ᠳᠠᠷᠠᠭ᠎ᠠ᠂ ᠲᠠᠷᠪᠤᠰ ᠤᠨ ᠠᠵᠤ ᠦᠢᠯᠡᠰ ᠢ ᠬᠥᠭᠵᠢᠭᠦᠯᠬᠦ ᠪᠠᠷ ᠲᠣᠭᠲᠠᠵᠤ᠂ ᠡᠮᠦᠨᠡᠬᠢ ᠬᠤᠭᠤᠴᠠᠭᠠᠨ ᠳᠤ ᠲᠤᠰᠬᠠᠢ ᠮᠡᠷᠭᠡᠵᠢᠯ ᠤᠨ ᠬᠥᠮᠦᠰ ᠢ ᠤᠷᠢᠵᠤ ᠬᠥᠷᠥᠰᠥ ᠰᠢᠷᠣᠢ ᠶᠢᠨ ᠭᠦᠢᠴᠡᠳᠬᠡᠯ ᠲᠤᠭ᠎ᠠ ᠶᠢ ᠪᠠᠶᠢᠴᠠᠭᠠᠨ ᠰᠢᠯᠭᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠤ ᠣᠯᠠᠨ ᠭᠠᠵᠠᠷ ᠲᠤ ᠰᠢᠨᠵᠢᠯᠡᠨ ᠪᠠᠶᠢᠴᠠᠭᠠᠵᠤ᠂ ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠰᠢᠨ ᠴᠢᠦᠸᠡᠨ ᠦᠷ᠎ᠡ ᠦᠭᠡᠢ ᠲᠠᠷᠪᠤᠰ ᠤᠨ ᠬᠤᠷᠰᠢ᠊ ᠡᠶ᠎ᠡ ᠲᠠᠢ ᠤᠷᠤᠭᠰᠢᠲᠠᠢ ᠬᠠᠮᠲᠤᠷᠠᠨ ᠠᠵᠢᠯᠯᠠᠵᠤ᠂ ᠬᠤᠷᠰᠢᠶ᠎ᠠ ᠠᠴᠠ ᠲᠤᠬᠠᠢ ᠶᠢᠨ ᠭᠠᠵᠠᠷ ᠤᠨ 200 ᠮᠦ ᠭᠠᠵᠠᠷ ᠢ ᠳᠠᠭᠠᠭᠠᠴᠢᠯᠠᠨ ᠲᠠᠷᠪᠤᠰ ᠲᠠᠷᠢᠪᠠ᠃ ᠡᠭᠦᠨ ᠢᠶᠠᠷ ᠪᠠᠷᠠᠬᠤ ᠦᠭᠡᠢ᠂ ᠭᠠᠴᠠᠭᠠᠨ ᠤ ᠬᠠᠮᠲᠤ ᠪᠠᠷ ᠪᠠᠰᠠ 60 ᠮᠦ ᠦᠷ᠎ᠡ ᠦᠭᠡᠢ ᠲᠠᠷᠪᠤᠰ ᠤᠨ ᠲᠤᠷᠰᠢᠯᠲᠠ ᠶᠢᠨ ᠳᠠᠷᠢᠶ᠎ᠠ ᠲᠠᠷᠢᠵᠤ᠂ ᠲᠠᠷᠪᠤᠰ ᠲᠠᠷᠢᠭᠰᠠᠨ ᠠᠩᠬᠠᠨ ᠤ ᠵᠢᠯ ᠳᠤ ᠳᠠᠷᠤᠢ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃ ︽ᠲᠠᠷᠪᠤᠰ ᠤᠨ ᠠᠵᠤ ᠠᠬᠤᠢ︾ ᠶᠢᠨ ᠬᠥᠭᠵᠢᠯᠲᠡ ᠨᠢ ᠭᠠᠴᠠᠭ᠎ᠠ ᠲᠣᠰᠬᠤᠨ ᠤ ᠠᠷᠠᠳ ᠲᠤ ᠠᠵᠢᠯ ᠣᠯᠬᠤ ᠲᠣᠬᠢᠶᠠᠯ ᠬᠠᠩᠭᠠᠵᠤ᠂ ᠲᠣᠰᠬᠤᠨ ᠤ ᠠᠷᠠᠳ ᠤᠨ ᠣᠯᠠᠨ ᠡᠰᠢᠵᠢᠭᠰᠡᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠭᠠᠵᠠᠷ ᠰᠢᠷᠣᠢ ᠶᠢᠨ ᠡᠷᠭᠢᠯᠲᠡ ᠶᠢᠨ ᠲᠦᠷᠢᠶᠡᠰᠦᠨ ᠮᠥᠩᠭᠦ ᠶᠢ ᠣᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠠᠷᠪᠤᠰ ᠤᠨ ᠭᠠᠵᠠᠷ ᠲᠤ ᠬᠦᠷᠴᠦ ᠬᠥᠯᠥᠰᠥᠨ ᠠᠵᠢᠯ ᠬᠢᠵᠦ ᠵᠣᠭᠤᠰ ᠣᠯᠵᠤ᠂ ᠨᠢᠭᠡ ᠯᠡ ᠳᠡᠭᠡᠷ᠎ᠡ ᠠᠷᠪᠢᠨ ᠣᠯᠬᠤ ᠪᠣᠯᠤᠨ᠎ᠠ᠃ ︽ᠮᠠᠨ ᠤ ᠠᠶᠢᠯ ᠨᠢ ᠡᠨᠡ ᠵᠢᠯ ᠲᠠᠷᠪᠤᠰ ᠲᠠᠷᠪᠤᠰ᠂ ᠪᠢ ᠠᠳᠠ ᠨᠢᠭᠡ ᠡᠳᠦᠷ 200 ᠲᠥᠭᠦᠷᠢᠭ ᠠᠵᠢᠯᠯᠠᠵᠠᠢ᠂ ᠬᠤᠶᠠᠷ ᠰᠠᠷ᠎ᠠ ᠭᠠᠷᠤᠢ᠂ ᠲᠦᠮᠡ ᠭᠠᠷᠤᠢ ᠲᠥᠭᠦᠷᠢᠭ ᠣᠯᠵᠠᠢ ᠂ ᠭᠡᠷ ᠠᠴᠠ ᠪᠠᠨ ᠣᠶᠢᠷ᠎ᠠ᠂ ᠮᠠᠰᠢ ᠳᠥᠭᠦᠮ᠂ ᠵᠣᠭᠤᠰ ᠪᠠᠰᠠ ᠮᠠᠰᠢ ᠠᠷᠪᠢᠨ︾ ᠬᠡᠵᠤ ᠳᠠᠶᠢᠴᠢᠨᠲᠠᠯ᠎ᠠ ᠰᠤᠮᠤ ᠶᠢᠨ ᠬᠠᠯᠵᠠᠨ ᠮᠠᠩᠬ᠎ᠠ ᠭᠠᠴᠠᠭᠠᠨ ᠤ ᠠᠷᠠᠳ ᠡᠦ ᠬᠠᠢ ᠵᠢᠶᠦ᠋ᠨ ᠬᠡᠯᠡᠪᠡ᠃ ᠲᠠᠷᠪᠤᠰ ᠴᠢᠨᠠᠷ ᠰᠠᠶᠢᠲᠠᠢ ᠥᠨᠳᠥᠷ ᠤᠨᠠᠯᠲᠠ ᠲᠠᠢ ᠲᠠᠷᠢᠬᠤ ᠮᠡᠷᠭᠡᠵᠢᠯ ᠪᠣᠯ ᠵᠠᠩᠭᠢᠯᠠᠭ᠎ᠠ ᠪᠣᠯᠤᠨ᠎ᠠ᠃ ᠭᠠᠴᠠᠭᠠᠨ ᠤ 60 ᠮᠥ ᠦᠷ᠎ᠡ ᠦᠭᠡᠢ ᠲᠠᠷᠪᠤᠰ ᠤᠨ ᠲᠤᠷᠰᠢᠯᠲᠠ ᠶᠢᠨ ᠲᠠᠷᠢᠶᠠᠨ ᠤ ᠤᠨᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠭᠠᠴᠠᠭ᠎ᠠ ᠪᠠ ᠬᠤᠷᠰᠢ᠊ ᠡᠶ᠎ᠡ ᠲᠠᠢ ᠬᠡᠯᠡᠯᠴᠡᠭᠡᠷ ᠲᠣᠭᠲᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠵᠢᠯᠣᠭᠤᠳᠣᠯᠭ᠎ᠠ ᠬᠢᠯᠭᠡᠵᠦ᠂ ᠭᠠᠷ ᠲᠤ ᠪᠠᠨ ᠲᠣᠰᠬᠤᠨ ᠤ ᠠᠷᠠᠳ ᠤᠨ ᠳᠠᠷᠢᠬᠤ ᠭᠤᠣᠯᠳᠠᠯᠭ᠎ᠠ ᠪᠠ ᠮᠡᠷᠭᠡᠵᠢᠯ ᠢ ᠵᠢᠯᠣᠭᠤᠳᠴᠤ᠂ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠲᠠᠷᠪᠤᠰ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ᠂ ᠬᠤᠷᠰᠢᠶ᠎ᠠ ᠠᠴᠠ ᠵᠠᠬ᠎ᠠ ᠳᠡᠯᠭᠡᠭᠦᠷ ᠤᠨ ᠦᠨ᠎ᠡ ᠪᠠᠷ ᠬᠤᠷᠢᠶᠠᠨ ᠠᠪᠴᠤ᠂ ᠬᠠᠪᠰᠤᠷᠤᠨ ᠪᠣᠷᠣᠯᠠᠭᠤᠯᠪᠠ᠃ ︽ᠰᠢᠨᠵᠢᠯᠡᠨ ᠪᠠᠶᠢᠴᠠᠭᠠᠬᠤ ᠪᠠᠷ ᠳᠠᠮᠵᠢᠭᠠᠳ ᠣᠯᠵᠤ ᠮᠡᠳᠡᠭᠰᠡᠨ ᠨᠢ᠂ ᠠᠳᠡᠬᠢ ᠬᠥᠷᠥᠰᠥ ᠰᠢᠷᠣᠢ ᠨᠢ ᠲᠠᠷᠪᠤᠰ ᠲᠠᠷᠢᠬᠤ ᠳᠤ ᠵᠣᠬᠢᠴᠠᠵᠤ᠂ ᠪᠢᠳᠡ ᠠᠳᠡ 200 ᠮᠦ ᠭᠠᠵᠠᠷ ᠰᠢᠷᠣᠢ ᠶᠢ ᠳᠠᠭᠠᠭᠠᠴᠢᠯᠠᠨ ᠦᠷ᠎ᠡ ᠦᠭᠡᠢ ᠲᠠᠷᠪᠤᠰ ᠳᠠᠷᠢᠵᠤ᠂ ᠭᠠᠴᠠᠭ᠎ᠠ ᠨᠢ ᠪᠠᠰᠠ 60 ᠮᠦ ᠦᠷ᠎ᠡ ᠦᠭᠡᠢ ᠦᠷ᠎ᠡ ᠦᠭᠡᠢ ᠲᠠᠷᠪᠤᠰ ᠤᠨ ᠲᠤᠷᠰᠢᠯᠲᠠ ᠶᠢᠨ ᠳᠠᠷᠢᠶ᠎ᠠ ᠲᠠᠷᠢᠪᠠ᠂ ᠪᠢᠳᠡ ᠪᠠᠰᠠ ᠲᠡᠳᠡᠨ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠲᠠᠷᠪᠤᠰ ᠢ ᠵᠠᠬ᠎ᠠ ᠳᠡᠯᠭᠡᠭᠦᠷ ᠲᠤ ᠭᠠᠷᠭᠠᠬᠤ ᠦᠶ᠎ᠡ ᠳᠤ ᠲᠡᠳᠡᠨ ᠢ ᠬᠠᠪᠰᠤᠷᠤᠨ ᠪᠣᠷᠣᠯᠠᠭᠤᠯᠵᠤ︾ ᠪᠠᠶᠢᠨ᠎ᠠ ᠬᠡᠵᠤ ᠨᠠᠶᠢᠮᠠᠨ ᠬᠤᠰᠢᠭᠤᠨ ᠤ ᠰᠢᠨ ᠴᠢᠤᠸᠠᠨ ᠦᠷ᠎ᠡ ᠦᠭᠡᠢ ᠲᠠᠷᠪᠤᠰ ᠤᠨ ᠬᠤᠷᠰᠢᠶᠠᠨ ᠤ ᠮᠡᠷᠭᠡᠵᠢᠯᠲᠡᠨ ᠴᠢᠦ ᠳ᠋ᠧ ᠴᠢᠤᠸᠠᠨ ᠬᠡᠯᠡᠪᠡ᠃    ᠳᠠᠶᠢᠴᠢᠨᠲᠠᠯ᠎ᠠ ᠰᠤᠮᠤ ᠶᠢᠨ ᠬᠠᠯᠵᠠᠨ ᠮᠠᠩᠬ᠎ᠠ ᠭᠠᠴᠠᠭ᠎ᠠ ᠶᠢᠨ ᠨᠠᠢᠮᠠᠨ ᠠᠶᠢᠯ ᠤᠨ ᠠᠶᠢᠯ ᠳᠤ ᠲᠠᠷᠢᠭᠰᠠᠨ ᠲᠠᠷᠪᠤᠰ ᠠᠩᠬᠠᠨ ᠤ ᠵᠢᠯ ᠳᠤ ᠠᠮᠵᠢᠯᠲᠠ ᠣᠯᠤᠭᠰᠠᠨ ᠤ ᠳᠠᠷᠠᠭ᠎ᠠ᠂ ᠮᠠᠰᠢ ᠣᠯᠠᠨ ᠲᠣᠰᠬᠤᠨ ᠤ ᠠᠷᠠᠳ ᠥᠪᠡᠷ ᠤᠨ ᠲᠠᠷᠢ᠊ ᠡᠶ᠎ᠡ ᠪᠠᠨ ᠳᠠᠷᠠᠭ᠎ᠠ ᠵᠢᠯ ᠲᠠᠷᠪᠤᠰ ᠲᠠᠷᠢᠬᠤ ᠰᠠᠨᠠᠭ᠎ᠠ ᠲᠠᠢ ᠪᠠᠶᠢᠨ᠎ᠠ᠃ ᠡᠨᠡ ᠨᠢ ᠴᠦ ᠨᠠᠷᠠᠨᠮᠠᠨᠳᠤᠯ ᠨᠠᠩ ᠢᠲᠡᠭᠡᠯ ᠲᠠᠢ ᠪᠣᠯᠵᠤ᠂ ᠲᠡᠷᠡ ᠨᠡᠩ ᠣᠯᠠᠨ ᠲᠣᠰᠬᠤᠨ ᠤ ᠠᠷᠠᠳ ᠢ ᠳᠠᠭᠠᠭᠤᠯᠤᠨ ᠣᠷᠣᠭᠤᠯᠵᠤ᠂ ᠪᠠ ᠵᠢᠶᠠ ᠽᠢ ᠲᠠᠷᠪᠤᠰ ᠤᠨ ᠲᠦᠷᠦᠯ ᠲᠡᠮᠳᠡᠭ ᠢ ᠭᠠᠷᠭᠠᠵᠤ᠂ ᠲᠠᠷᠪᠤᠰ ᠤᠨ ᠣᠨᠴᠠᠯᠢᠭᠲᠤ ᠠᠵᠤ ᠦᠢᠯᠡᠰ ᠢ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠵᠣᠯ ᠵᠢᠷᠭᠠᠯ︾ ᠤᠨ ᠠᠵᠤ ᠦᠢᠯᠡᠰ ᠪᠣᠯᠭᠠᠬᠤ ᠭᠡᠰᠡᠨ ᠪᠠᠶᠢᠨ᠎ᠠ᠃ ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠪᠢ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠶᠢ ᠪᠣᠳᠣᠯᠬᠢᠯᠠᠭᠰᠠᠭᠠᠷ ᠢᠷᠡᠵᠡᠢ᠂ ᠡᠨᠡ ᠵᠢᠯ ᠲᠤᠷᠰᠢᠨ ᠲᠠᠷᠢᠭᠰᠠᠨ 60 ᠮᠦ ᠦᠷ᠎ᠡ ᠦᠭᠡᠢ ᠲᠠᠷᠪᠤᠰ ᠮᠠᠰᠢ ᠠᠮᠵᠢᠯᠲᠠ ᠲᠠᠢ ᠪᠠᠶᠢᠵᠤ᠂ ᠮᠦ ᠪᠦᠷᠢ ᠶᠢᠨ ᠤᠨᠠᠯᠲᠠ 8000 ᠵᠢᠩ ᠳᠤ ᠬᠦᠷᠴᠦ᠂ ᠵᠢᠩ ᠪᠦᠷᠢ 1.2 ᠲᠥᠭᠦᠷᠢᠭ ᠣᠷᠴᠢᠮ ᠪᠠᠶᠢᠵᠤ᠂ ᠵᠢᠱᠢᠯᠲᠡ ᠪᠠᠷ 59 ᠲᠦᠮᠡᠨ ᠲᠥᠭᠦᠷᠢᠭ ᠤᠨ ᠣᠷᠣᠯᠭ᠎ᠠ ᠣᠯᠤᠨ᠎ᠠ︾ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号