ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/9/2
   ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠡᠷᠡᠰ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠭᠤᠣᠯᠳᠠᠯᠭ᠎ᠠ ᠲᠠᠢ ᠴᠠᠬᠢᠯᠭᠠᠨ ᠬᠦᠴᠦᠨ ᠤ ᠠᠵᠢᠯ ᠲᠥᠷᠥᠯ ᠳᠤ ᠴᠢᠭᠯᠡᠭᠦᠯᠦᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃    ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠰᠢᠨ ᠲᠡᠷᠭᠡᠨ ᠤ ᠲᠠᠰᠤᠭ ᠲᠤ᠂ ᠠᠵᠢᠯᠲᠠᠳ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠲᠥᠬᠦᠭᠡᠷᠦᠮᠵᠢ ᠲᠣᠬᠢᠷᠠᠭᠤᠯᠤᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠡᠬᠡ ᠳᠠᠩᠰᠠ ᠶᠢ ᠪᠠᠶᠢᠴᠠᠭᠠᠨ ᠦᠵᠡᠪᠡ᠃    ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠦᠭᠡᠮᠡᠯᠵᠢᠭᠦᠯᠵᠦ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠪᠠ᠃ ︽ᠮᠠᠨ ᠤ ᠺᠣᠮᠫᠠᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠯ ᠤᠨ ᠭᠠᠮᠰᠢᠭ ᠤᠨ ᠳᠠᠯᠳᠠ ᠭᠡᠮ᠂ ᠥᠨᠳᠥᠷ ᠣᠭᠲᠠᠷᠭᠤᠢ ᠳᠤ ᠠᠵᠢᠯᠯᠠᠬᠤ᠂ ᠬᠢᠵᠠᠭᠠᠷᠲᠤ ᠣᠷᠣᠨ ᠵᠠᠢ ᠳᠤ ᠠᠵᠢᠯᠯᠠᠬᠤ᠂ ︿ᠭᠤᠷᠪᠠ ᠶᠢ ᠵᠥᠷᠢᠴᠡᠬᠦ﹀ ᠶᠢ ᠡᠰᠡᠷᠭᠦᠴᠡᠬᠦ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠪᠠ᠃ ᠺᠣᠮᠫᠠᠨᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠬᠢᠨᠠᠮᠠᠭᠠᠢ ᠥᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠪᠠ᠃︾ ᠬᠡᠵᠤ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠬᠢᠨᠠᠯᠲᠠ ᠲᠠᠯᠪᠢᠬᠤ ᠬᠡᠯᠲᠡᠰ ᠤᠨ ᠳᠠᠷᠤᠭ᠎ᠠ ᠯᠢ ᠴᠢᠩ ᠴᠦᠨ ᠬᠡᠯᠡᠪᠡ᠃ ᠥᠪᠥᠷ ᠮᠣᠩᠭᠤᠯ ᠤᠨ ᠵᠢᠩ ᠨᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠢᠯᠲᠠᠳ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ᠂ ᠠᠵᠢᠯᠯᠠᠭᠠᠨ ᠤ ᠬᠠᠮᠠᠭᠠᠯᠠᠯᠲᠠ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠳᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠳᠤ ᠦᠢᠯᠡᠳᠪᠦᠷᠢᠯᠡᠯ ᠤᠨ ᠶᠠᠪᠤᠴᠠ ᠳᠠᠬᠢ ᠠᠩᠬᠠᠷᠬᠤ ᠵᠦᠢᠯᠡᠰ ᠢ ᠤᠬᠠᠭᠤᠯᠤᠨ ᠲᠠᠶᠢᠯᠪᠤᠷᠢᠯᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠠᠶᠢᠯᠪᠤᠷᠢᠯᠠᠵᠤ ᠥᠭᠭᠦᠨ᠎ᠡ᠃ ︽ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠥᠷᠥᠯ ᠤᠨ ᠠᠳᠠᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠪᠠᠬᠢᠵᠢᠭᠦᠯᠵᠦ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠲᠠᠰᠤᠭ ᠤᠨ ᠬᠠᠷᠢᠭᠤᠴᠠᠯᠭᠠᠲᠠᠨ ᠸᠠᠩ ᠯᠢ ᠹᠧᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号