ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠤᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠲᠡᠭᠦᠰᠪᠡ
ᠨᠡᠶᠢᠲᠡᠯᠡᠭᠰᠡᠨ ᠴᠠᠭ᠄
2024/9/2
ᠯᠢ ᠢᠦᠢ ᠭᠠᠩ ᠶᠠᠷᠢᠶ᠎ᠠ ᠲᠠᠯᠪᠢᠵᠠᠢ   8 ᠰᠠᠷ᠎ᠠ ᠶᠢᠨ 30 ᠤ ᠡᠳᠦᠷ᠂ ᠠᠶᠢᠮᠠᠭ ᠬᠤᠳᠠ ᠲᠢᠩᠬᠢᠮ ᠲᠤᠪᠴᠢᠶ᠎ᠠ ᠶᠢᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠲᠡᠭᠦᠰᠭᠦ ᠶᠣᠰᠣᠯᠠᠯ ᠶᠠᠪᠤᠭᠳᠠᠪᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃   ᠯᠢ ᠢᠦᠶ ᠭᠠᠩ᠂ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠡᠮᠵᠢᠨ᠂ ᠣᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠴᠠᠭ ᠦᠶ᠎ᠡ ᠶᠢ ᠵᠠᠭᠠᠭᠯᠠᠭᠰᠠᠨ ᠴᠢᠬᠤᠯᠠ ᠠᠴᠢ ᠬᠤᠯᠪᠣᠭᠳᠠᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠭᠡᠷᠡᠴᠢᠯᠡᠯᠲᠡ ᠶᠢᠨ ᠬᠠᠭᠤᠳᠠᠰᠤ︾᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠭᠤᠤᠯ ᠰᠡᠳᠦᠪ ᠲᠤ ᠨᠠᠩ ᠭᠦᠨᠵᠡᠭᠡᠶ ᠲᠠᠨᠢᠯᠲᠠ ᠲᠠᠢ ᠪᠣᠯᠵᠣ᠂ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠨᠠᠩ ᠪᠠᠲᠤᠳᠬᠠᠪᠠ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠤᠯᠴᠠᠨ ᠣᠶᠢᠯᠠᠭᠠᠬᠤ ᠶᠢ ᠲᠤᠭᠤᠰᠢᠲᠠᠢ ᠨᠠᠶᠢᠳᠠᠪᠤᠷᠢᠵᠢᠭᠤᠯᠬᠤ᠂ ᠲᠥᠯᠥᠪᠯᠡᠨ ᠪᠠᠶᠢᠷᠢᠯᠠᠭᠤᠯᠬᠤ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠤᠬᠢ ᠱᠦᠯᠳᠦ ᠴᠢᠬᠤᠯᠠ ᠠᠭᠤᠯᠭ᠎ᠠ ᠪᠠ ᠤᠯᠤᠰ ᠲᠦᠷᠦ ᠶᠢᠨ ᠴᠢᠭᠯᠡᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠥᠭᠡᠷᠡᠴᠢᠯᠡᠯᠲᠡ ᠶᠢᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠬᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号